ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ | 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ | ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠳ᠋ᠨᠠᠮ ᠤᠨ | ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ | ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠬᠠᠮᠲᠤ ᠪᠠᠷ ᠬᠤᠷᠠᠯ ᠤᠨ ᠲᠠᠯᠠᠪᠠᠢ ᠳᠤ | ᠠᠯᠬᠤᠨ ᠣᠷᠣᠬᠤ ᠦᠶ᠎ᠡ ᠳᠤ ᠳᠤᠮᠳᠠᠳᠤ ᠸᠢᠶᠧᠳ᠋ᠨᠠᠮ ᠤᠨ ᠡᠯ᠎ᠡ ᠡᠲᠡᠭᠡᠳ ᠤᠨ ᠨᠥᠭᠦᠷᠰᠡᠭ ᠬᠥᠮᠥᠰ ᠬᠠᠯᠠᠭᠤᠨ | ᠠᠯᠠᠭ᠎ᠠ ᠲᠡᠰᠢᠯᠲᠡ ᠪᠠᠷ ᠤᠭᠲᠤᠪᠠ᠃ | | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ | ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ | ᠪᠣᠯ ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ | ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ | ᠴᠢᠪᠬᠠᠳᠠᠵᠤ ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ | ᠰᠡᠳᠦᠪ ᠢᠶᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ | ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ | ᠴᠢᠳᠠᠯ ᠨᠢ ᠠᠷᠠᠳ ᠲᠦᠮᠡᠨ ᠳᠤ ᠪᠤᠢ᠃ ᠤᠷᠳᠤ ᠬᠤᠭᠤᠴᠠᠭᠠᠨ ᠤ ᠲᠤᠷᠰᠢ ᠭᠠᠷ ᠬᠤᠯᠪᠣᠨ ᠮᠥᠬᠦᠯ ᠠᠴᠠ ᠠᠪᠤᠷᠠᠵᠤ | ᠣᠷᠣᠰᠢᠯ ᠲᠣᠭᠲᠠᠨᠢᠯ ᠢ ᠬᠥᠭᠡᠭᠡᠴᠡᠯᠳᠦᠨ ᠬᠤᠪᠢᠰᠬᠠᠯ ᠤᠨ ᠣᠴᠢ ᠶᠢ ᠳᠦᠷᠡᠯᠵᠡᠭᠦᠯᠦᠭᠰᠡᠨ ᠠᠴᠠ᠂ ᠮᠥᠷᠥ ᠵᠡᠷᠭᠡᠴᠡᠨ | ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ | ᠭᠦᠷᠲᠡᠯ᠎ᠡ᠂ ᠲᠠᠭᠢᠨ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠳᠤᠮᠳᠠᠳᠤ | ᠸᠢᠶᠧᠳ᠋ᠨᠠᠮ ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ | ᠬᠠᠮᠲᠤ ᠪᠠᠷ ᠪᠢᠴᠢᠭᠯᠡᠭᠰᠡᠨ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠵᠤ᠂ ᠬᠤᠶᠠᠷ ᠤᠯᠤᠰ ᠤᠨ | ᠠᠷᠠᠳ ᠲᠦᠮᠡᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠲᠡᠮᠡᠴᠡᠨ ᠣᠯᠬᠤ | ᠲᠥᠪ ᠶᠣᠰᠣᠨ ᠤ ᠦᠢᠯᠡᠰ ᠤᠨ ᠳᠤᠮᠳᠠ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ ᠳᠡᠭᠦᠦ︾ | ᠶᠢᠨ ᠭᠦᠨ ᠵᠤᠵᠠᠭᠠᠨ ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ᠃ ᠳᠤᠮᠳᠠᠳᠤ | ᠸᠢᠶᠧᠳ᠋ᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ | ᠴᠡᠴᠡᠭᠯᠡᠨ ᠵᠢᠮᠢᠰᠯᠡᠵᠦ᠂ ᠬᠤᠶᠠᠷ ᠲᠠᠯ᠎ᠠ ᠪᠠᠷ ᠢᠶᠠᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠢ ᠪᠠᠲᠤ | ᠡᠵᠡᠮᠳᠡᠵᠦ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ | ᠵᠠᠮᠨᠠᠬᠤ ᠶᠢ ᠡᠷᠡᠰ ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠰᠢᠨ᠎ᠡ | ᠠᠮᠵᠢᠯᠲᠠ ᠶᠢ ᠲᠠᠰᠤᠷᠠᠯᠳᠠ ᠦᠭᠡᠢ ᠡᠭᠦᠳᠪᠡ᠃ ᠳᠤᠮᠳᠠᠳᠤ ᠸᠢᠶᠧᠳ᠋ᠨᠠᠮ ᠤᠨ ᠨᠥᠬᠦᠷᠯᠡᠯ ᠬᠤᠶᠠᠷ ᠤᠯᠤᠰ ᠤᠨ | ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠵᠦ᠂ ᠬᠤᠶᠠᠷ | ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ | ᠲᠡᠦᠬᠡ ᠶᠢᠨ ᠵᠥᠪ ᠲᠠᠯ᠎ᠠ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ᠂ ᠠᠽᠢᠶ᠎ᠠ ᠲᠢᠪ | ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠢᠳᠡᠪᠬᠢ ᠬᠦᠴᠦᠨ ᠬᠠᠩᠭᠠᠵᠠᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ | ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ | ᠪᠣᠯ ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ | ᠦᠵᠡᠰᠭᠦᠯᠡᠩ ᠢ ᠰᠣᠨᠢᠷᠬᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠤᠶᠠᠷ | ᠤᠯᠤᠰ ᠤᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ᠃ ᠵᠠᠯᠠᠭᠤᠴᠤᠳ ᠪᠣᠯ ᠠᠵᠢᠯ ᠦᠢᠯᠡᠰ ᠤᠨ | ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠳ᠋ᠨᠠᠮ ᠤᠨ | ᠵᠠᠯᠠᠭᠤᠴᠤᠳ ᠢ ᠳᠤᠮᠳᠠᠳᠤ ᠤᠯᠤᠰ ᠲᠤ ᠤᠷᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠢ | ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ | ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠬᠤᠪᠢᠰᠬᠠᠯᠲᠤ | ᠤᠳᠤᠮᠰᠢᠯ ᠢ ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠨ ᠲᠠᠯ᠎ᠠ ᠶᠢᠨ ᠥᠩᠭᠡ | ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠵᠤ᠂ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ | ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠳ᠋ᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ | ᠨᠢᠭᠲᠠᠷᠠᠭᠤᠯᠤᠨ᠎ᠠ ᠭᠡᠵᠦ ᠵᠢᠭᠠᠵᠤ ᠭᠠᠷᠭᠠᠪᠠ᠃ | ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠳᠤ ᠲᠡᠦᠬᠡᠲᠦ | ᠴᠢᠨᠠᠷᠲᠠᠢ ᠠᠶᠢᠯᠴᠢᠯᠠᠯᠲᠠ ᠬᠢᠵᠦ᠂ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠣᠯᠣᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠢ ᠬᠠᠮᠲᠤ ᠪᠠᠷ ᠪᠡᠯᠭᠡᠯᠡᠬᠦ ᠲᠠᠰᠢᠷᠠᠮ ᠳᠤ | ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠢ ᠡᠷᠭᠢᠯᠡᠭᠦ ᠨᠢ ᠴᠢᠬᠤᠯᠠ ᠠᠴᠢ | ᠬᠤᠯᠪᠣᠭᠳᠠᠯ ᠲᠠᠢ ᠶᠤᠮ᠃ ᠨᠥᠭᠦᠷᠰᠡᠭ ᠬᠠᠮᠲᠤᠷᠠᠯᠴᠠᠭ᠎ᠠ ᠪᠣᠯ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠭᠤᠣᠯ | ᠤᠷᠤᠰᠬᠠᠯ ᠪᠣᠯᠣᠭᠰᠠᠭᠠᠷ ᠢᠷᠡᠵᠠᠢ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ | ᠸᠢᠶᠧᠳ᠋ᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ᠂ ᠤᠯᠤᠰ ᠤᠨ ᠨᠢᠭᠡᠳᠦᠯ ᠪᠣᠯᠣᠨ ᠪᠦᠲᠦᠭᠡᠨ | ᠪᠠᠶᠢᠭᠤᠯᠤᠯᠲᠠ ᠶᠢᠨ ᠠᠬᠢᠴᠠ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠵᠡᠢ᠂ ᠸᠢᠶᠧᠳ᠋ᠨᠠᠮ ᠤᠨ ᠬᠢᠨ ᠡᠭᠦᠨ ᠢ | ᠢᠮᠠᠭᠲᠠ ᠪᠠᠲᠤ ᠴᠡᠭᠡᠵᠢᠯᠡᠨ᠎ᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠱᠠᠲᠤᠨ ᠳᠤ | ᠣᠷᠣᠬᠤ ᠶᠢ ᠬᠥᠲᠥᠯᠥᠨ ᠳᠠᠭᠠᠭᠤᠯᠬᠤ ᠨᠢ ᠪᠠᠰᠠ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠳᠤ ᠴᠢᠬᠤᠯᠠ | ᠬᠤᠪᠢ ᠨᠡᠮᠡᠷᠢ ᠦᠵᠡᠭᠦᠯᠭᠦ ᠪᠣᠯᠣᠨ᠎ᠠ᠃ ᠵᠠᠯᠠᠭᠤᠴᠤᠳ ᠪᠣᠯ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ | ᠤᠯᠠᠮᠵᠢᠯᠠᠨ ᠬᠥᠭᠵᠢᠭᠦᠯᠬᠦ ᠬᠦᠰᠡᠯ ᠡᠷᠡᠮᠡᠯᠵᠡᠯ ᠮᠥᠨ᠃ ᠸᠢᠶᠧᠳ᠋ᠨᠠᠮ ᠳᠤᠮᠳᠠᠳᠤ ᠶᠢᠨ ᠵᠠᠯᠠᠭᠤᠴᠤᠳ ᠲᠡᠦᠬᠡᠲᠦ | ᠡᠭᠦᠷᠭᠡ ᠪᠠᠨ ᠡᠭᠦᠷᠭᠡᠯᠡᠵᠦ᠂ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠪᠡᠶ᠎ᠡ ᠪᠠᠷ ᠢᠶᠠᠨ | ᠴᠣᠭᠴᠠᠯᠠᠨ ᠪᠠᠶᠢᠭᠤᠯᠵᠤ ᠪᠤᠶᠢᠵᠢᠭᠤᠯᠤᠭᠰᠠᠨ ᠤᠯᠠᠮᠵᠢᠯᠠᠯᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ︔ | ᠸᠢᠶᠧᠳ᠋ᠨᠠᠮ ᠤᠨ ᠵᠠᠯᠠᠭᠤᠴᠤᠳ ᠤᠨ ᠳᠤᠮᠳᠠᠳᠤ ᠤᠯᠤᠰ ᠲᠤ ᠣᠴᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ | ᠠᠶᠠᠯᠠᠯ︾ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠶᠠᠷ ᠤᠯᠤᠰ ᠤᠨ ︽ᠨᠥᠬᠦᠷ ᠪᠥᠭᠡᠳ ᠠᠬ᠎ᠠ ᠳᠡᠭᠦᠦ︾ | ᠶᠢᠨ ᠨᠥᠬᠦᠷᠯᠡᠯ ᠢ ᠭᠦᠨᠵᠡᠭᠡᠶᠢᠷᠡᠭᠦᠯᠦᠶ᠎ᠡ︔ ᠵᠠᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ ᠬᠠᠮᠵᠢᠯᠴᠠᠵᠤ᠂ | ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠤᠶᠠᠷ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠭᠤᠣᠯ | ᠬᠦᠴᠦᠨ ᠴᠡᠷᠢᠭ ᠤᠨ ᠦᠢᠯᠡᠳᠦᠯ ᠢᠶᠠᠨ ᠪᠠᠳᠠᠷᠠᠭᠤᠯᠤᠶ᠎ᠠ ᠭᠡᠵᠦ ᠢᠯᠡᠳᠬᠡᠪᠡ᠃ | | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ | ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ | ᠪᠣᠯ ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ | ᠰᠤᠳᠤᠯᠤᠨ ᠰᠤᠷᠤᠯᠴᠠᠬᠤ ᠠᠶᠠᠯᠠᠯ︾ ᠤᠨ ᠲᠦᠷᠦᠯ ᠵᠦᠢᠯ ᠢ ᠡᠬᠢᠯᠡᠭᠦᠯᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ | ᠦᠵᠡᠰᠭᠦᠯᠡᠩ ᠢ ᠰᠣᠨᠢᠷᠬᠠᠵᠤ᠂ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠶᠢᠨ ᠬᠤᠪᠣᠷ | ᠨᠠᠨᠳᠢᠨ ᠵᠢᠷᠤᠭ ᠳᠦᠷᠰᠦ ᠶᠢ ᠡᠷᠭᠢᠴᠡᠭᠦᠯᠪᠡ᠃ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ | ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠤᠨ ᠲᠦᠷᠦᠯ ᠵᠦᠢᠯ ᠢ ᠡᠬᠢᠯᠡᠭᠦᠯᠪᠡ᠃ ᠰᠢ ᠶᠢᠨ ᠫᠢᠩ ᠪᠣᠯᠣᠨ | ᠰᠦ᠋ ᠯᠢᠨ᠂ ᠹᠠᠨ ᠮᠢᠩ ᠵᠧᠩ ᠬᠠᠮᠲᠤ ᠪᠠᠷ ᠳᠤᠮᠳᠠᠳᠤ ᠸᠢᠶᠧᠳ᠋ᠨᠠᠮ ᠤᠨ ᠲᠡᠮᠦᠷ ᠵᠠᠮ ᠤᠨ ᠬᠠᠮᠲᠤᠷᠠᠯᠴᠠᠭᠠᠨ ᠤ | ᠲᠣᠭᠲᠠᠴᠠ ᠶᠢᠨ ᠡᠭᠢᠯᠡᠯᠲᠡ ᠶᠢᠨ ᠶᠣᠰᠣᠯᠠᠯ ᠢ ᠭᠡᠷᠡᠴᠢᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ | |