— ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ | ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠪᠠᠶᠠᠷ ᠤᠨ ᠦᠭᠡ | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠨᠥᠬᠦᠳ᠂ ᠨᠠᠶᠢᠵᠠ ᠨᠠᠷ ᠠ᠋᠄ | ᠰᠠᠶᠢᠨ ᠪᠠᠶᠢᠵᠠᠭᠠᠨ᠎ᠠ ᠦᠦ︕ | ᠬᠠᠨᠤᠢ ᠳᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ | ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠂ ᠪᠢ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ | ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 10 ᠵᠢᠯ ᠤᠨ ᠳᠣᠲᠣᠷ᠎ᠠ | ᠸᠢᠶᠧᠳ᠋ᠨᠠᠮ ᠳᠤ ᠳᠥᠷᠪᠡᠳᠡᠬᠢ ᠤᠳᠠᠭ᠎ᠠ ᠠᠶᠢᠯᠴᠢᠯᠠᠵᠤ ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ | ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ ᠥᠷᠲᠡᠭᠡ ᠪᠣᠯᠣᠨ᠎ᠠ᠃ ᠥᠴᠥᠭᠡᠳᠦᠷ ᠦᠳᠡ ᠶᠢᠨ ᠬᠤᠶᠢᠨ᠎ᠠ | ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ ᠪᠦᠲᠦᠭᠡᠯ ᠣᠯᠣᠭᠰᠠᠨ ᠬᠡᠯᠡᠯᠴᠡᠭᠡ ᠬᠢᠵᠦ᠂ ᠰᠢᠨ᠎ᠡ ᠴᠠᠭ | ᠦᠶ᠎ᠡ ᠶᠢᠨ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠰᠠᠶ᠋ᠢᠬᠠᠨ᠂ ᠶᠡᠷᠦᠩᠬᠡᠢ ᠱᠦᠵᠢ ᠰᠦ᠋ ᠯᠢᠨ | ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ᠂ ᠪᠢ ᠲᠡᠭᠦᠨ ᠤ ᠬᠤᠶᠠᠷ ᠨᠠᠮ ᠬᠤᠶᠠᠷ ᠤᠯᠤᠰ ᠤᠨ | ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ | ︽ᠤᠷᠭᠤᠭ᠎ᠠ ᠮᠣᠳᠣ ᠦᠨᠳᠦᠰᠦ ᠲᠠᠢ᠂ ᠠᠭᠤᠯᠠ ᠤᠰᠤ ᠡᠬᠢ ᠲᠠᠢ︾᠃ ᠳᠤᠮᠳᠠᠳᠤ ᠸᠢᠶᠧᠳ᠋ᠨᠠᠮ ᠤᠨ | ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠂ | ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠭᠠᠷ ᠬᠤᠯᠪᠣᠨ | ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ | ᠮᠥᠷᠥ ᠵᠡᠷᠭᠡᠴᠡᠨ ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ | ᠪᠡᠶᠡᠯᠡᠭᠦᠯᠦᠭᠰᠡᠨ ᠭᠦᠷᠲᠡᠯ᠎ᠡ᠂ ᠲᠠᠭᠢᠭᠠᠳ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ | ᠭᠦᠷᠲᠡᠯ᠎ᠡ᠂ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ | ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ᠃ | ᠳᠤᠮᠳᠠᠳᠤ ᠸᠢᠶᠧᠳ᠋ᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠪᠠ᠃ ᠳᠤᠮᠳᠠᠳᠤ ᠤᠯᠤᠰ ᠸᠢᠶᠧᠳ᠋ᠨᠠᠮ ᠤᠨ ᠠᠷᠠᠳ | ᠲᠦᠮᠡᠨ ᠤ ᠹᠷᠠᠨᠼᠢ ᠶᠢ ᠡᠰᠡᠷᠭᠦᠴᠡᠬᠦ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠲᠡᠮᠡᠴᠡᠯ ᠢ ᠪᠦᠭᠦ | ᠬᠦᠴᠦ ᠪᠠᠷ ᠢᠶᠠᠨ ᠲᠡᠮᠵᠢᠪᠠ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠳ᠋ᠨᠠᠮ ᠤᠨ ᠰᠤᠷᠤᠬᠴᠢ᠂ | ᠸᠢᠶᠧᠳ᠋ᠨᠠᠮ ᠤᠨ ᠡᠪ ᠬᠠᠮᠲᠤ ᠨᠠᠮ ᠤᠨ ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ | ᠪᠣᠰᠣᠯᠭ᠎ᠠ ᠳᠤ ᠣᠷᠣᠯᠴᠠᠵᠤ᠂ ︽ᠬᠤᠶᠠᠷ ᠤᠯᠤᠰ ᠤᠨ ᠵᠠᠩᠵᠤᠨ︾ ᠬᠤᠩ ᠱᠦᠢ ᠳᠤᠮᠳᠠᠳᠤ ᠤᠯᠤᠰ ᠤᠨ | ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ᠃ ᠤᠯᠤᠰ ᠤᠨ | ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ | ᠦᠢᠯᠡᠰ ᠤᠨ ᠳᠤᠮᠳᠠ᠂ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ | ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ | ᠪᠤᠳᠤᠭᠯᠠᠪᠠ᠃ | ᠳᠤᠮᠳᠠᠳᠤ ᠸᠢᠶᠧᠳ᠋ᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ | ᠬᠠᠮᠵᠢᠯᠴᠠᠭ᠎ᠠ ᠳᠤᠮᠳᠠ ᠴᠡᠴᠡᠭᠯᠡᠨ ᠵᠢᠮᠢᠰᠯᠡᠪᠡ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ | ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ᠂ | ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ | ᠰᠢᠢᠳᠪᠦᠷᠢᠯᠡᠬᠦ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠳᠤ ᠠᠩᠬᠠᠷᠤᠯ ᠲᠥᠪᠯᠡᠷᠡᠭᠦᠯᠵᠦ᠂ | ᠤᠯᠤᠰ ᠲᠦᠷᠦ᠂ ᠠᠮᠤᠷ ᠲᠦᠪᠰᠢᠨ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ | 30 ᠭᠠᠷᠤᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ | ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠨᠢ ᠸᠢᠶᠧᠳ᠋ᠨᠠᠮ ᠤᠨ ᠭᠠᠳᠠᠭᠠᠳᠤ | ᠪᠡᠯᠡ ᠶᠢᠨ ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠤᠶᠠᠷ ᠤᠯᠤᠰ ᠤᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ᠂ | ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ ᠪᠠᠶᠢᠨ᠎ᠠ᠃ ᠬᠤᠶᠠᠷ | ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠲᠠᠰᠤᠷᠠᠯᠲᠠ ᠦᠭᠡᠢ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ ᠠᠮᠵᠢᠯᠲᠠ ᠪᠦᠲᠦᠮᠵᠢ ᠶᠢ ᠣᠯᠪᠠ᠃ | ᠳᠤᠮᠳᠠᠳᠤ ᠸᠢᠶᠧᠳ᠋ᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ | ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠪᠡ᠃ ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ | ᠲᠥᠷᠥᠯᠬᠢᠲᠡᠨ ᠤ ᠲᠠᠪᠰᠢᠯᠳᠠ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ | ᠳᠡᠭᠡᠳᠦ ᠦᠢᠯᠡᠰ ᠮᠥᠨ᠃ ᠤᠷᠪᠠᠭᠠᠨ ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ | ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ | ᠲᠡᠦᠬᠡ ᠶᠢᠨ ᠵᠥᠪ ᠲᠠᠯ᠎ᠠ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ᠂ ᠠᠽᠢᠶ᠎ᠠ ᠲᠢᠪ | ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠢ ᠬᠠᠩᠭᠠᠶ᠎ᠠ᠃ | ᠨᠥᠬᠦᠳ ᠠ᠋᠂ ᠨᠠᠶᠢᠵᠠ ᠨᠠᠷ ᠠ᠋︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠬᠤᠶᠠᠷ ᠤᠯᠤᠰ ᠤᠨ ᠠᠷᠠᠳ ᠲᠦᠮᠡᠨ ᠤ | ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ᠃ ᠡᠨᠡ ᠵᠢᠯ ᠪᠣᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠣᠨ︾ ᠪᠣᠯᠣᠨ᠎ᠠ᠂ ᠪᠢᠳᠡ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠤᠨ ᠨᠠᠷᠢᠨ ᠭᠤᠷᠤᠬ᠎ᠠ ᠶᠢ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠳᠣᠯᠭᠢᠶᠠᠯᠠᠨ | ᠤᠷᠤᠰᠬᠤ ᠶᠡᠭᠡ ᠭᠤᠣᠯ ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠶ᠎ᠡ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ᠃ ᠵᠠᠯᠠᠭᠤᠴᠤᠳ | ᠪᠣᠯ ᠠᠵᠢᠯ ᠦᠢᠯᠡᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 | ᠵᠢᠯ ᠳᠤ ᠸᠢᠶᠧᠳ᠋ᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ᠬᠤᠪᠢᠰᠬᠠᠯᠲᠤ | ᠰᠤᠳᠤᠯᠤᠨ ᠰᠤᠷᠤᠯᠴᠠᠬᠤ ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠥᠰ ᠤᠨ ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠳ᠋ᠨᠠᠮ ᠤᠨ | ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠭᠤᠯᠵᠤ᠂ ᠬᠤᠶᠠᠷ ᠤᠯᠤᠰ ᠤᠨ ᠲᠤᠰ | ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ | ᠬᠦᠴᠦᠨ ᠴᠢᠳᠠᠯ ᠢ ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ︕ | | | |