︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/4/16
       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃       ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠣᠶᠣᠯ ᠤᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠣᠶᠣᠯ ᠤᠨ ᠪᠠᠶᠢᠭᠤᠯᠤᠯᠲᠠ ᠨᠢ ᠤᠭ ᠦᠨᠳᠦᠰᠦ ᠠᠴᠠ ᠨᠢ ᠴᠡᠭᠴᠡᠯᠡᠨ ᠵᠠᠰᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠳᠤᠮᠳᠠ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃       ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠦᠢᠯᠡᠰ ᠲᠤ ᠬᠤᠯᠪᠣᠭᠳᠠᠵᠤ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠳᠤ ᠬᠤᠯᠪᠣᠭᠳᠠᠨ᠎ᠠ᠃ ᠪᠢᠳᠡ 2035 ᠣᠨ ᠳᠤ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠷᠺᠰ ᠤᠨ ᠦᠵᠡᠯ ᠭᠡᠬᠦ ᠡᠨᠡ ᠬᠦ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ ᠤᠷᠤᠰᠬᠠᠯ ᠳᠤ ᠵᠣᠬᠢᠴᠠᠵᠤ᠂ ᠬᠦᠴᠦᠷᠬᠡᠭ ᠶᠡᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ᠂ ᠥᠷᠲᠡᠭ ᠤᠨ ᠤᠷᠢᠶᠠᠯᠠᠬᠤ ᠬᠦᠴᠦᠨ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠣᠶᠣᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠵᠣᠬᠢᠶᠠᠯ ᠳᠤ 5 ᠲᠠᠯ᠎ᠠ ᠪᠠᠷ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃ ᠨᠢᠭᠡᠳᠦᠭᠡᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠨᠡ ᠬᠦ ᠵᠠᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠠᠷᠤᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠪᠣᠯᠣᠨ᠎ᠠ᠃ ᠡᠷᠬᠡᠪᠰᠢ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠭᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠵᠠᠷᠴᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠰᠣᠶᠣᠯ ᠤᠨ ᠬᠦᠷᠢᠶᠡᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ ᠤᠨ ᠲᠠᠯ᠎ᠠ ᠳᠡᠭᠡᠷᠡᠬᠢ ᠨᠠᠮ ᠤᠨ ᠲᠦᠷᠦ ᠪᠠᠷᠢᠬᠤ ᠰᠠᠭᠤᠷᠢ ᠪᠣᠯᠣᠨ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳᠤ ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠲᠡᠭ᠂ ᠳᠤᠮᠳᠠᠳᠤ ᠤᠯᠤᠰ ᠤᠨ ᠬᠦᠴᠦᠨ ᠢ ᠲᠠᠰᠤᠷᠠᠯᠲᠠ ᠦᠭᠡᠢ ᠪᠠᠶᠢᠭᠤᠯᠵᠤ᠂ ᠭᠤᠣᠯ ᠦᠷᠲᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃       ᠬᠤᠶᠠᠳᠤᠭᠠᠷ ᠲᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠰᠣᠶᠣᠯ ᠤᠨ ᠠᠮᠢᠵᠢᠷᠠᠯ ᠤᠨ ᠬᠦᠴᠦᠨ ᠨᠢ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠪᠤᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠭᠤᠭᠴᠤᠭ᠎ᠠ ᠪᠤᠯᠭᠠᠵᠤ᠂ ᠰᠣᠶᠣᠯ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠤᠨ ᠦᠢᠯᠡᠴᠢᠯᠡᠭᠡ᠂ ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ ᠰᠠᠶᠢᠵᠢᠷᠠᠭᠤᠯᠵᠤ᠂ ᠬᠥᠮᠥᠰ ᠤᠨ ᠰᠡᠳᠬᠢᠯ ᠳᠤ ᠬᠠᠳᠠᠩᠰᠢᠭᠰᠠᠨ ᠨᠢᠭᠡ ᠪᠦᠯᠦᠭ ᠴᠠᠭ ᠦᠶ᠎ᠡ ᠶᠢᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ᠃ ᠰᠠᠶᠢᠨ ᠰᠠᠶᠢᠬᠠᠨ ᠰᠣᠶᠣᠯ ᠤᠨ ᠠᠮᠢ ᠠᠬᠤᠢ ᠶᠢ ᠢᠳᠡᠪᠬᠢᠲᠡᠢ ᠪᠤᠢ ᠪᠤᠯᠭᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠤ ᠦᠷᠭᠦᠯᠵᠢᠯᠡᠨ ᠪᠠᠳᠠᠷᠠᠬᠤ ᠶᠢ ᠠᠬᠢᠭᠤᠯᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠰᠦᠪᠡᠭᠴᠢᠯᠡᠵᠦ᠂ ᠰᠣᠶᠣᠯ ᠤᠨ ᠪᠠᠶᠢᠭᠤᠯᠤᠯᠲᠠ ᠳᠤ ᠲᠣᠭᠠᠴᠢᠯᠠᠯᠲᠠ ᠪᠠᠷ ᠬᠦᠴᠦᠨ ᠣᠯᠭᠤᠬᠤ᠂ ᠮᠡᠳᠡᠭᠡ ᠵᠠᠩᠭᠢᠵᠢᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃       ᠭᠤᠷᠪᠠᠳᠤᠭᠠᠷ ᠲᠤ᠂ ᠰᠣᠶᠣᠯ ᠤᠨ ᠪᠠᠶᠢᠭᠤᠯᠤᠯᠲᠠ ᠶᠢ ᠠᠷᠠᠳ ᠲᠦᠮᠡᠨ ᠤ ᠲᠠᠯ᠎ᠠ ᠠᠴᠠ ᠪᠣᠳᠣᠯᠬᠢᠯᠠᠬᠤ᠂ ᠲᠤᠰᠤᠯᠲᠠ ᠨᠢ ᠠᠷᠠᠳ ᠲᠦᠮᠡᠨ ᠤ ᠳᠡᠭᠡᠷ᠎ᠡ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠣᠶᠣᠯ ᠤᠨ ᠬᠦᠴᠦᠷᠬᠡᠭ ᠤᠯᠤᠰ ᠤᠨ ︽ᠬᠦᠴᠦᠷᠬᠡᠭ︾ ᠨᠢ ᠡᠴᠦᠰ ᠲᠡᠭᠡᠨ ᠠᠷᠠᠳ ᠲᠦᠮᠡᠨ ᠤ ᠦᠵᠡᠯ ᠰᠠᠨᠠᠭᠠᠨ ᠤ ᠲᠦᠪᠰᠢᠨ᠂ ᠤᠶᠤᠨ ᠰᠠᠨᠠᠭᠠᠨ ᠤ ᠪᠠᠶᠢᠳᠠᠯ᠂ ᠰᠣᠶᠣᠯ ᠤᠨ ᠪᠣᠯᠪᠠᠰᠤᠷᠠᠯ ᠳᠡᠭᠡᠷ᠎ᠡ ᠢᠯᠡᠷᠡᠬᠦ ᠶᠤᠮ᠃ ᠰᠣᠶᠣᠯ ᠤᠨ ᠦᠢᠯᠡᠴᠢᠯᠡᠭᠡ ᠪᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠰᠣᠶᠣᠯ ᠤᠨ ᠰᠡᠳᠬᠢᠯ ᠰᠠᠨᠠᠭ᠎ᠠ ᠵᠣᠷᠢᠭ ᠢ ᠤᠷᠮᠠᠰᠢᠭᠤᠯᠬᠤ᠂ ᠵᠠᠩ ᠠᠷᠠᠨᠰᠢᠨ ᠢ ᠪᠤᠶᠢᠵᠢᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠦᠭᠦ ᠦᠨᠳᠦᠰᠦᠲᠡᠨ ᠤ ᠴᠤᠭ ᠵᠣᠷᠢᠭ ᠪᠠᠳᠠᠷᠠᠩᠭᠤᠢ ᠡᠷᠡᠮᠡᠬᠡᠶᠢᠯᠡᠨ ᠲᠠᠪᠰᠢᠬᠤ ᠴᠤᠭ ᠵᠢᠪᠬᠤᠭ᠎ᠠ ᠶᠢ ᠪᠤᠯᠪᠠᠰᠤᠷᠠᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠥᠵᠢᠭᠦᠯᠬᠦ᠂ ᠡᠩᠨᠡᠭᠡ ᠶᠢ ᠪᠠᠶᠢᠭᠤᠯᠬᠤ ᠶᠢ ᠴᠢᠬᠤᠯᠠ ᠪᠥᠭᠡᠳ ᠪᠠᠴᠢᠮ ᠲᠤᠯᠭᠠᠮ ᠪᠠᠶᠢᠯᠳᠤᠬᠤ ᠪᠣᠳᠣᠯᠭ᠎ᠠ ᠶᠢᠨ ᠡᠭᠦᠷᠭᠡ ᠪᠤᠯᠭᠠᠵᠤ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠡᠷᠡᠰ ᠰᠢᠭᠤᠷᠬᠠᠢ ᠪᠠᠷ ᠰᠢᠨ᠎ᠡ ᠶᠢ ᠡᠭᠦᠳᠬᠦ ᠥᠨᠳᠥᠷ ᠲᠦᠪᠰᠢᠨ ᠪᠦᠬᠦᠢ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃       ᠳᠥᠷᠪᠡᠳᠦᠭᠡᠷ ᠲᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠳᠤᠮᠳᠠ ᠳᠤᠮᠳᠠᠳᠤ ᠶᠢᠨ ᠰᠣᠶᠣᠯ ᠤᠨ ᠤᠳᠤᠮᠰᠢᠯ ᠢ ᠵᠠᠯᠭᠠᠮᠵᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠥᠨᠳᠥᠷ ᠮᠠᠨᠳᠤᠭᠤᠯᠵᠤ᠂ ᠤᠯᠠᠷᠢᠯ ᠬᠤᠪᠢᠰᠤᠯᠲᠠ ᠶᠢ ᠲᠤᠭᠤᠯᠤᠬᠰᠠᠨ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠳᠠᠷᠠᠭᠤᠯᠵᠤ᠂ ᠰᠠᠶᠢᠲᠤᠷ ᠬᠥᠭᠵᠢᠭᠦᠯᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠦᠬᠡᠲᠦ ᠬᠠᠷᠢᠭᠤᠴᠠᠯᠭ᠎ᠠ ᠪᠠ ᠲᠠᠷᠬᠠᠨ ᠡᠭᠦᠷᠭᠡ ᠮᠥᠨ᠃ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠥᠭᠡᠷᠡᠴᠢᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠠᠭᠤᠯᠬᠤᠨ ᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠮᠠᠷᠺᠰ ᠤᠨ ᠦᠵᠡᠯ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠢᠯᠢᠳᠡᠭ ᠡᠯᠧᠮᠧᠨ᠋ᠲ ᠢ ᠬᠥᠭᠵᠢᠭᠡᠬᠦ ᠶᠢᠨ ᠬᠠᠮᠲᠤ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠬᠤᠨ ᠣᠯᠭᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠲᠡᠦᠬᠡ ᠶᠢ ᠪᠢᠰᠢᠷᠡᠨ ᠵᠢᠷᠦᠬᠡᠰᠢᠶᠡᠬᠦ᠂ ᠰᠣᠶᠣᠯ ᠢ ᠬᠠᠶᠢᠷᠠᠯᠠᠬᠤ ᠰᠡᠳᠬᠢᠯ ᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠠᠰᠢᠭᠯᠠᠬᠤ ᠪᠠ ᠬᠠᠮᠤᠭ ᠤᠨ ᠪᠠᠭ᠎ᠠ ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠪᠠᠷᠢᠮᠲᠠᠯᠠᠵᠤ᠂ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃       ᠲᠠᠪᠤᠳᠤᠭᠠᠷ ᠲᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠤᠰ ᠤᠨ ᠰᠣᠶᠣᠯ ᠤᠨ ᠨᠥᠯᠥᠭᠡᠯᠡᠬᠦ ᠬᠦᠴᠦᠨ ᠤ ᠥᠷᠢᠰᠦᠯᠳᠦᠭᠡᠨ ᠴᠦ ᠡᠳᠦᠷ ᠢᠷᠡᠬᠦᠶ᠎ᠡ ᠰᠢᠷᠦᠭᠦᠰᠴᠦ ᠪᠠᠶᠢᠨ᠎ᠠ᠃ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ ᠪᠢᠳᠡ ᠡᠷᠬᠡᠪᠰᠢ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠳᠠᠮᠵᠢᠭᠤᠯᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠤᠯᠠᠨ ᠤᠯᠤᠰ ᠤᠨ ᠳᠠᠮᠵᠢᠭᠤᠯᠭ᠎ᠠ ᠶᠢᠨ ᠪᠠᠶᠢᠷᠢᠰᠢᠯ ᠢ ᠲᠠᠭᠢᠨ ᠪᠠᠶᠢᠭᠤᠯᠬᠤ ᠶᠢ ᠠᠬᠢᠭᠤᠯᠵᠤ᠂ ᠤᠯᠠᠨ ᠠᠷᠭ᠎ᠠ ᠵᠠᠮ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠰᠣᠶᠣᠯ ᠢᠶᠠᠷ ᠳᠡᠯᠡᠬᠡᠢ ᠳ᠋ᠠᠬᠢᠨ ᠲᠠᠢ ᠶᠠᠷᠢᠯᠴᠠᠭ᠎ᠠ ᠬᠢᠬᠦ ᠣᠶᠢᠯᠠᠭᠠᠭᠳᠠᠬᠤᠨ ᠢ ᠴᠢᠩᠭᠠᠳᠬᠠᠵᠤ᠂ ᠤᠯᠠᠨ ᠶᠠᠩᠵᠤ ᠭᠡᠯᠪᠡᠷᠢ ᠶᠢᠨ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ ᠪᠤᠯᠭᠠᠵᠤ᠂ ᠡᠷᠲᠡᠨ ᠡᠳᠦᠭᠡᠬᠢ ᠶᠢ ᠠᠭᠤᠰᠬᠠᠬᠤ᠂ ᠳᠤᠮᠳᠠᠳᠤ ᠭᠠᠳᠠᠭᠠᠳᠤ ᠶᠢ ᠨᠡᠪᠲᠡᠷᠡᠭᠦᠯᠬᠦ‍ ᠨᠢᠭᠡ ᠪᠦᠯᠦᠭ ᠰᠣᠶᠣᠯ ᠤᠨ ᠦᠷ᠎ᠡ ᠪᠦᠲᠦᠭᠡᠯ ᠢ ᠡᠭᠦᠳᠦᠨ ᠪᠦᠲᠦᠭᠡᠬᠦ ᠬᠡᠷᠡᠭᠲᠡᠢ᠃       ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠨᠠᠮ ᠤᠨ ᠲᠥᠪ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠰᠣᠶᠣᠯ ᠤᠨ ᠪᠠᠶᠢᠭᠤᠯᠤᠯᠲᠠ ᠶᠢ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠣᠶᠣᠯ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠨ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号