ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠠᠶᠠᠷᠯᠠᠪᠠ ᠰᠢ ᠶᠢᠨ ᠫᠢᠩ ᠸᠢᠶᠧᠳ᠋ᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠠᠮᠵᠢᠯᠲᠠᠲᠠᠢ ᠲᠡᠭᠦᠰᠬᠡᠪᠡ
ᠨᠡᠶᠢᠲᠡᠯᠡᠭᠰᠡᠨ ᠴᠠᠭ᠄
2025/4/16
       ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ ᠦᠳᠡ ᠶᠢᠨ ᠡᠮᠦᠨ᠎ᠡ᠂ ᠸᠢᠶᠧᠳ᠋ᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠬᠤ ᠭᠡᠵᠦ ᠪᠠᠶᠢᠭ᠎ᠠ ᠦᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠠᠶᠠᠷᠯᠠᠪᠠ᠃       ᠰᠢ ᠶᠢᠨ ᠫᠢᠩ᠂ ᠡᠨᠡ ᠤᠳᠠᠭ᠎ᠠ ᠶᠢᠨ ᠠᠶᠢᠯᠴᠢᠯᠠᠯᠲᠠ ᠬᠡᠳᠦᠢ ᠪᠠᠷ ᠴᠠᠭ ᠨᠢ ᠣᠬᠤᠷ ᠪᠤᠯᠪᠠᠴᠤ ᠠᠵᠢᠯᠯᠠᠭ᠎ᠠ ᠪᠠᠶᠠᠯᠢᠭ᠂ ᠦᠷ᠎ᠡ ᠪᠦᠲᠦᠭᠡᠯ ᠦᠯᠡᠮᠵᠢ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠨᠡᠶᠢᠭᠡᠮ ᠵᠢᠷᠤᠮ ᠤᠨ ᠠᠵᠢᠯ ᠦᠢᠯᠡᠰ ᠢ ᠬᠠᠮᠲᠤ ᠪᠠᠷ ᠪᠤᠵᠠᠭᠠᠶᠢᠷᠠᠭᠤᠯᠬᠤ ᠤᠯᠤᠰ ᠲᠦᠷᠦ ᠶᠢᠨ ᠬᠦᠰᠡᠯ ᠰᠠᠨᠠᠭ᠎ᠠ ᠪᠠᠨ ᠳᠠᠪᠲᠠᠨ ᠴᠢᠬᠤᠯᠠᠴᠢᠯᠠᠵᠤ᠂ ᠴᠥᠮ ︽ᠵᠢᠷᠭᠤᠭᠠᠨ ᠨᠡᠩ ᠪᠠᠶᠢᠬᠤ︾ ᠶᠢᠨ ᠶᠡᠷᠦᠩᠬᠡᠢ ᠬᠠᠷᠠᠯᠲᠠ ᠲᠡᠶᠢᠰᠢ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ᠂ ᠴᠥᠮ ᠭᠠᠳᠠᠭᠠᠳᠤ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠡᠰᠡᠷᠭᠦᠴᠡᠨ ᠬᠤᠷᠢᠭᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠵᠡᠢ᠃ ᠪᠢ ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠶ᠎ᠠ ᠭᠡᠵᠦ ᠵᠢᠭᠠᠵᠤ ᠭᠠᠷᠭᠠᠪᠠ᠃       ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠵᠤ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠨᠠᠮ ᠬᠤᠶᠠᠷ ᠤᠯᠤᠰ ᠤᠨ ᠬᠤᠭᠤᠷᠣᠨᠳᠣᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠸᠢᠶᠧᠳ᠋ᠨᠠᠮ ᠤᠨ ᠲᠠᠯ᠎ᠠ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠢᠯᠠᠬᠤ ᠢᠲᠡᠭᠡᠯ ᠢ ᠨᠡᠮᠡᠭᠳᠡᠭᠦᠯᠦᠭᠰᠡᠨ ᠪᠥᠭᠡᠳ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠰᠢᠨ᠎ᠡ ᠥᠨᠳᠥᠷᠴᠡ ᠳᠤ ᠬᠦᠷᠭᠡᠬᠦ ᠶᠤᠮ᠃ ᠸᠢᠶᠧᠳ᠋ᠨᠠᠮ ᠤᠨ ᠲᠠᠯ᠎ᠠ ᠶᠢᠨ ᠬᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠬᠠᠮᠲᠤ ᠪᠠᠷ ᠴᠡᠴᠡᠭᠯᠡᠨ ᠬᠥᠭᠵᠢᠬᠦ ᠢᠷᠡᠭᠡᠳᠦᠢ ᠶᠢ ᠴᠣᠭᠴᠠᠯᠠᠨ᠎ᠠ ᠭᠡᠵᠦ ᠢᠯᠡᠳᠬᠡᠪᠡ᠃       ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃  
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号