ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 15 ᠤ ᠣᠷᠣᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠤᠰᠬᠠᠢ ᠨᠢᠰᠬᠡᠯ ᠢᠶᠠᠷ ᠺᠤᠸᠠᠯᠠ ᠯᠦᠮᠫᠦ᠋ᠷ ᠲᠤ ᠬᠦᠷᠴᠦ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ | ᠲᠡᠷᠢᠭᠦᠨ ᠢᠪᠦ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ | ᠃ | | | | ᠲᠤᠰᠬᠠᠢ ᠨᠢᠰᠬᠡᠯ ᠺᠦᠸᠠᠯᠠ ᠯᠦᠮᠫᠦ᠋ᠷ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠳᠤ | ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠮᠦᠬᠠᠨᠮᠦ᠋ᠳ᠋᠂ ᠪᠠᠷ᠎ᠠ | ᠪᠤᠯᠬᠤ ᠶᠠᠮᠤᠨ ᠤ ᠰᠠᠶᠢᠳ᠂ ᠵᠠᠮ ᠬᠠᠷᠢᠯᠴᠠᠭᠠᠨ ᠤ ᠶᠠᠮᠤᠨ ᠤ ᠰᠠᠶᠢᠳ ᠯᠦ ᠵᠤᠤ ᠹᠦ᠋ ᠵᠡᠷᠭᠡ ᠳᠡᠭᠡᠳᠦ ᠲᠡᠰ ᠤᠨ | ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ ᠬᠡᠦᠬᠡᠳ ᠰᠢ ᠶᠢᠨ ᠫᠢᠩ ᠳᠤ ᠰᠣᠷᠭᠤᠭ | ᠴᠡᠴᠡᠭ ᠬᠦᠷᠭᠡᠵᠦ᠂ ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠲᠤᠬᠠᠢ ᠶᠢᠨ ᠭᠠᠵᠠᠷ ᠤᠨ ᠣᠨᠴᠠᠯᠢᠭ ᠪᠦᠬᠦᠢ | ᠪᠥᠵᠢᠭ ᠢ ᠪᠥᠵᠢᠭᠯᠡᠵᠦ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ | ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | | | | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ | ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠮᠠᠯᠠᠶᠢᠰᠢᠶ᠎ᠠ ᠶᠢᠨ ᠵᠠᠰᠠᠭ ᠤᠨ ᠣᠷᠳᠣᠨ | ᠪᠣᠯᠣᠨ ᠮᠠᠯᠠᠶᠢᠰᠢᠶ᠎ᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ | ᠳᠡᠪᠰᠢᠭᠦᠯᠵᠡᠢ᠃ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠪᠣᠯ ᠲᠠᠯᠠᠢ ᠲᠠᠩᠭᠢᠰ ᠠᠯᠤᠰᠯᠠᠨ ᠰᠠᠭᠤᠭᠰᠠᠨ ᠨᠥᠭᠦᠷᠰᠡᠭ | ᠬᠥᠷᠰᠢ ᠤᠯᠤᠰ ᠮᠥᠨ᠂ ᠤᠯᠠᠮᠵᠢᠯᠠᠯᠲᠤ ᠨᠥᠬᠦᠷᠯᠡᠯ ᠮᠢᠩᠭᠠᠨ ᠣᠨ ᠦᠷᠭᠦᠯᠵᠢᠯᠡᠵᠦ ᠪᠤᠢ᠃ ᠬᠠᠷᠢᠯᠴᠠᠭ᠎ᠠ | ᠪᠠᠶᠢᠭᠤᠯᠤᠭᠰᠠᠨ ᠬᠠᠭᠠᠰ ᠭᠠᠷᠤᠢ ᠵᠠᠭᠤᠨ ᠤ ᠲᠤᠷᠰᠢ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ | ᠲᠡᠭᠰᠢ ᠪᠠᠷ ᠬᠠᠨᠳᠤᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠤᠯᠤᠰ ᠪᠣᠯᠣᠨ | ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠪᠠ᠃ 2023 ᠣᠨ ᠳᠤ ᠬᠤᠶᠠᠷ | ᠲᠠᠯ᠎ᠠ ᠪᠠᠷ ᠢᠶᠠᠨ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠨᠢᠳᠤᠨᠤᠨ ᠬᠤᠶᠠᠷ ᠤᠯᠤᠰ ᠢᠶᠠᠷ ᠢᠶᠠᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠴᠢᠬᠤᠯᠠ | ᠬᠥᠭᠵᠢᠵᠦ ᠪᠠᠶᠢᠭ᠎ᠠ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ | ᠪᠣᠯᠤᠭᠰᠠᠨ ᠤ ᠬᠤᠪᠢ ᠳᠤ ᠳᠤᠮᠳᠠᠳᠤ ᠮᠠᠯᠠᠶᠢᠰᠢᠶ᠎ᠠ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ | ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ | ᠶᠤᠮ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ | ᠤᠯᠠᠮᠵᠢᠯᠠᠯᠲᠤ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠤᠯᠤᠰ ᠲᠦᠷᠦ ᠶᠢᠨ | ᠢᠲᠡᠭᠡᠯᠴᠡᠭᠡ ᠶᠢ ᠨᠡᠮᠡᠭᠳᠡᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ | ᠠᠬᠢᠭᠤᠯᠵᠤ᠂ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠶᠢ ᠬᠠᠮᠲᠤ ᠪᠠᠷ ᠠᠬᠢᠭᠤᠯᠵᠤ᠂ ᠳᠤᠮᠳᠠᠳᠤ | ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ ᠠᠯᠳᠠᠨ | 50 ᠵᠢᠯ︾ ᠢ ᠡᠬᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ | ᠭᠦᠷᠪᠡ᠃ | ᠮᠠᠯᠠᠶᠢᠰᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠧᠦ ᠶᠠᠩ ᠢᠦᠢ ᠵᠢᠩ ᠪᠠᠰᠠ | ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ | ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠲᠤ ᠠᠵᠤ ᠠᠬᠤᠶᠢᠯᠠᠯ ᠤᠨ | ᠬᠥᠮᠥᠰ᠂ ᠭᠠᠳᠠᠭᠠᠳᠤ ᠳᠤ ᠰᠤᠷᠤᠯᠴᠠᠵᠦ ᠪᠠᠶᠢᠭ᠎ᠠ ᠰᠤᠷᠤᠬᠴᠢᠳ ᠵᠠᠮ ᠤᠨ ᠬᠤᠶᠠᠷ ᠬᠠᠵᠠᠭᠤ ᠳᠤ ᠳᠤᠮᠳᠠᠳᠤ | ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ︽ᠲᠡᠷᠢᠭᠦᠯᠡᠭᠴᠢ ᠰᠢ ᠶᠢᠨ ᠫᠢᠩ ᠤᠨ | ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ︾᠂ ︽ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ | ᠮᠠᠨᠳᠤᠲᠤᠭᠠᠢ︾ ᠵᠡᠷᠭᠡ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠳᠤᠮᠳᠠᠳᠤ ᠶᠢᠨ | ᠬᠠᠷᠢᠶᠠᠲᠤ ᠪᠠ ᠳᠤᠮᠳᠠᠳᠤᠴᠤᠳ ᠭᠦᠷ ᠬᠥᠭᠵᠢᠶᠡᠨ ᠲᠠᠢ ᠪᠠᠷ ᠠᠷᠰᠯᠠᠨ ᠲᠣᠭᠯᠠᠭᠤᠯᠤᠨ ᠪᠥᠵᠢᠭᠯᠡᠵᠦ᠂ ᠰᠢ ᠶᠢᠨ | ᠫᠢᠩ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠪᠠ᠃ | | |