ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ︽ᠵᠣᠬᠢᠶᠠᠨ ᠪᠠᠶᠢᠭᠤᠯᠬᠤ᠂ ᠦᠢᠯᠡᠴᠢᠯᠡᠭᠡ ᠶᠢ ᠴᠢᠩᠭᠠᠳᠬᠠᠬᠤ᠂ ᠡᠷᠬᠡ ᠠᠰᠢᠭ ᠢ | ᠪᠠᠲᠤᠯᠠᠬᠤ︾ ᠭᠤᠷᠪᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ︽ᠨᠠᠮ ᠤᠨ | ᠪᠠᠶᠢᠭᠤᠯᠤᠯᠲᠠ ᠨᠢ ᠠᠵᠢᠯ ᠣᠯᠭᠤᠯᠲᠠ ᠶᠢᠨ ᠪᠠᠶᠢᠭᠤᠯᠤᠯᠲᠠ ᠶᠢ ᠳᠠᠶᠢᠴᠢᠯᠠᠬᠤ᠂ ᠠᠵᠢᠯ ᠣᠯᠭᠤᠯᠲᠠ ᠶᠢᠨ ᠪᠦᠲᠦᠭᠡᠨ | ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠮᠵᠢ ᠶᠢ ᠪᠠᠷᠢᠮᠲᠠᠯᠠᠵᠤ᠂ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠠᠵᠢᠯᠲᠠᠨ ᠠᠵᠢᠯᠴᠢᠨ ᠤ ᠡᠮᠬᠢ ᠵᠢᠷᠤᠮ ᠲᠠᠢ ᠵᠣᠬᠢᠶᠠᠨ ᠪᠠᠶᠢᠭᠤᠯᠤᠯᠲᠠ ᠶᠢ | ᠠᠬᠢᠭᠤᠯᠪᠠ᠃ ᠡᠭᠦᠨ ᠤ ᠬᠠᠮᠲᠤ᠂ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠶᠢ | ᠦᠷᠭᠦᠯᠵᠢᠯᠡᠨ ᠴᠢᠩᠭᠠᠳᠬᠠᠵᠤ᠂ ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ | ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ | ᠬᠥᠳᠡᠯᠮᠦᠷᠢ ᠶᠢᠨ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡ ᠬᠠᠩᠭᠠᠵᠤ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ | ᠰᠠᠭᠠᠳ ᠥᠬᠡᠶ ᠨᠡᠪᠲᠡᠷᠡᠭᠦᠯᠦᠨ᠎ᠡ᠃ ᠡᠭᠦᠨ ᠠᠴᠠ ᠭᠠᠳᠠᠨ᠎ᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯᠲᠠᠨ | ᠠᠵᠢᠯᠴᠢᠨ ᠤ ᠰᠢᠯᠵᠢᠮᠡᠯ ᠴᠢᠨᠠᠷ ᠢᠶᠠᠷ ᠴᠢᠩᠭ᠎ᠠ᠂ ᠠᠵᠢᠯ ᠤᠨ ᠲᠠᠷᠠᠬᠠᠶ ᠪᠤᠲᠠᠷᠬᠠᠶ ᠵᠡᠷᠭᠡ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠳᠤᠯᠠᠭᠠᠨ ᠥᠷᠲᠡᠭᠡ︾ ᠶᠢ ᠬᠦᠴᠦᠯᠡᠨ ᠪᠠᠶᠢᠭᠤᠯᠵᠤ᠂ ᠦᠢᠯᠡᠴᠢᠯᠡᠭᠡᠨ ᠤ | ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | |