2013 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠶᠢ | ᠵᠣᠬᠢᠶᠠᠨ ᠪᠠᠶᠢᠭᠤᠯᠬᠤ ᠶᠢ ᠪᠠᠷᠢᠮᠲᠠᠯᠠᠵᠤ᠂ ᠵᠢᠯ ᠪᠦᠷᠢ ᠬᠠᠪᠤᠷ᠂ ᠨᠠᠮᠤᠷ ᠬᠤᠶᠠᠷ ᠤᠳᠠᠭ᠎ᠠ ᠬᠤᠪᠢᠶᠠᠵᠤ᠂ ᠪᠥᠬᠦ | ᠲᠣᠭᠤᠷᠢᠭ ᠤᠨ ᠬᠡᠪᠴᠢᠶᠡᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠢᠳᠦᠨ ᠤ ᠡᠪᠡᠳᠴᠢᠨ ᠢ | ᠰᠦᠢᠳᠬᠡᠯ ᠬᠤᠷᠢᠶᠠᠬᠤ ᠦᠭᠡᠢ ᠪᠠᠷ ᠨᠡᠶᠢᠳᠡᠮ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠬᠢᠪᠡ᠃ ᠣᠳᠣ ᠪᠣᠯᠲᠠᠯ᠎ᠠ᠂ | ᠪᠦᠬᠦ ᠲᠣᠭᠤᠷᠢᠭ ᠲᠤ ᠨᠡᠶᠢᠲᠡ 55 ᠲᠦᠮᠡ ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ | ᠰᠦᠢᠳᠬᠡᠯ ᠬᠤᠷᠢᠶᠠᠬᠤ ᠦᠭᠡᠶ ᠨᠡᠶᠢᠳᠡᠮ ᠪᠠᠶᠢᠴᠠᠭᠠᠯᠲᠠ ᠶᠢ ᠬᠦᠯᠢᠶᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ | 15000 ᠭᠠᠷᠤᠶ ᠰᠤᠷᠤᠭᠴᠢ ᠰᠦᠢᠳᠬᠡᠯ ᠬᠤᠷᠢᠶᠠᠬᠤ ᠦᠭᠡᠶ ᠳᠠᠬᠢᠨ ᠪᠠᠶᠢᠴᠠᠭᠠᠯᠲᠠ ᠶᠢ ᠬᠦᠯᠢᠶᠡᠵᠦ᠂ ᠳᠤᠮᠳᠠᠳᠤ | ᠪᠠᠭ᠎ᠠ ᠰᠤᠷᠭᠠᠭᠤᠯᠢ ᠶᠢᠨ 5500 ᠭᠠᠷᠤᠶ ᠰᠤᠷᠤᠭᠴᠢ ᠰᠢᠨᠵᠢᠯᠡᠬᠦ ᠤᠬᠠᠭᠠᠨᠴᠢ ᠪᠠᠷ ᠵᠠᠯᠠᠷᠠᠭᠤᠯᠬᠤ ᠪᠠᠷ ᠳᠠᠮᠵᠢᠨ᠂ | ᠨᠢᠳᠦᠨ ᠬᠠᠷᠠᠭ᠎ᠠ ᠬᠡᠪ ᠤᠨ ᠪᠠᠶᠢᠳᠠᠯ ᠳᠠᠭᠠᠨ ᠣᠷᠣᠪᠠ᠃ | |