ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ | 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠮᠠᠯᠠᠶᠢᠰᠢᠶ᠎ᠠ ᠶᠢᠨ | ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ | ᠠᠭᠤᠯᠵᠠᠪᠠ᠃ | 4 ᠰᠠᠷ᠎ᠠ ᠶᠢᠨ ᠺᠤᠸᠠᠯᠠ ᠯᠦᠮᠫᠦ᠋ᠷ ᠲᠤ ᠨᠠᠷᠠᠠ ᠳᠤᠯᠠᠶᠢᠵᠤ᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃ | ᠢᠪᠦ᠋ᠯᠠᠰᠢᠨ ᠤᠯᠤᠰ ᠤᠨ ᠸᠠᠩ ᠤᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ | ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ | ᠰᠢ ᠶᠢᠨ ᠫᠢᠩ ᠲᠡᠷᠭᠡ ᠪᠠᠷ ᠬᠦᠷᠴᠦ ᠢᠷᠡᠬᠦ ᠳᠤ ᠢᠪᠦ᠋ᠯᠠᠰᠢᠨ ᠪᠣᠯᠣᠨ ᠮᠠᠯᠠᠶᠢᠰᠢᠶ᠎ᠠ ᠶᠢᠨ ᠶᠡᠷᠦᠩᠬᠡᠢ ᠰᠠᠶᠢᠳ | ᠠᠨᠸᠠᠷ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠵᠤ ᠠᠪᠤᠪᠠ᠃ ᠬᠤᠶᠠᠷ ᠤᠯᠤᠰ ᠤᠨ ᠲᠡᠷᠢᠭᠦᠨ | ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠮᠠᠯᠠᠶᠢᠰᠢᠶ᠎ᠠ ᠬᠤᠶᠠᠷ | ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠤᠳᠠᠭ᠎ᠠ | ᠳᠤᠤᠭᠠᠷᠭᠠᠪᠠ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ | ᠤᠯᠤᠰ ᠤᠨ ᠸᠠᠩ ᠤᠨ ᠣᠷᠳᠣᠨ ᠤ ᠶᠡᠭᠡ ᠲᠢᠩᠬᠢᠮ ᠳᠤ ᠣᠷᠣᠵᠤ᠂ ᠬᠤᠶᠠᠷ ᠲᠠᠯ᠎ᠠ ᠶᠢᠨ ᠪᠡᠷ᠎ᠠ ᠪᠣᠯᠣᠭᠰᠠᠳ ᠲᠠᠢ | ᠭᠠᠷ ᠠᠳᠬᠤᠨ ᠮᠡᠨᠳᠦᠴᠢᠯᠡᠪᠡ᠃ | ᠤᠭᠲᠤᠬᠤ ᠶᠣᠰᠣᠯᠠᠯ ᠤᠨ ᠲᠠᠷᠠᠭ᠎ᠠ ᠰᠢ ᠶᠢᠨ ᠫᠢᠩ ᠢᠪᠦ᠋ᠯᠠᠰᠢᠨ ᠲᠠᠢ ᠠᠭᠤᠯᠵᠠᠪᠠ᠃ | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ | ᠮᠠᠯᠠᠶᠢᠰᠢᠶ᠎ᠠ ᠶᠢᠨ ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ ᠲᠠᠢ ᠠᠭᠤᠯᠵᠠᠪᠠ᠃ ᠵᠢᠷᠤᠭ ᠪᠣᠯ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠠᠶᠢᠰᠢᠶ᠎ᠠ ᠪᠣᠯ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ | ᠬᠠᠨᠢᠲᠠᠨ ᠮᠥᠨ᠂ ᠦᠷᠭᠦᠯᠵᠢ ᠶᠠᠪᠤᠯᠴᠠᠵᠤ᠂ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ᠃ ᠬᠤᠶᠠᠷ | ᠤᠯᠤᠰ ᠤᠨ ᠬᠠᠷᠢᠯᠴᠠᠭ᠎ᠠ ᠰᠦᠷ ᠳᠠᠯᠠᠶᠢᠴᠠᠲᠠᠢ ᠬᠠᠭᠠᠰ ᠵᠠᠭᠤᠨ ᠢ ᠥᠩᠭᠡᠷᠡᠭᠡᠵᠦ᠂ ᠨᠡᠩ ᠰᠠᠶᠢᠨ ᠰᠠᠶᠢᠬᠠᠨ | ᠢᠷᠡᠭᠡᠳᠦᠢ ᠶᠢ ᠤᠭᠲᠤᠵᠤ ᠪᠠᠶᠢᠨ᠎ᠠ᠃ ᠪᠢ ᠳᠤᠷᠠᠲᠠᠶ᠎ᠠ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ | ᠬᠠᠮᠲᠤ ᠪᠠᠷ ᠴᠢᠷᠮᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭᠠᠨ ᠤ ᠲᠣᠭᠲᠠᠭᠤᠨ | ᠬᠥᠭᠵᠢᠯᠲᠡ ᠶᠢ ᠬᠥᠲᠥᠯᠥᠨ ᠳᠠᠭᠠᠭᠤᠯᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠵᠤ᠂ ᠡᠶᠡᠯᠳᠡᠭ | ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠯᠬᠦᠮᠳᠡᠨ ᠬᠠᠮᠲᠤᠷᠠᠯᠴᠠᠬᠤ ᠰᠢᠨ᠎ᠡ ᠬᠠᠭᠤᠳᠠᠰᠤ ᠶᠢ ᠪᠢᠴᠢᠭᠯᠡᠵᠦ᠂ | ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ ᠠᠯᠳᠠᠨ 50 ᠵᠢᠯ︾ ᠢ ᠨᠡᠭᠡᠭᠡᠨ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠶ᠎ᠠ᠃ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ | ᠵᠠᠮᠨᠠᠶ᠎ᠠ᠃ ︽ᠬᠤᠶᠠᠷ ᠤᠯᠤᠰ ᠤᠨ ᠬᠤᠣᠰ ᠬᠦᠷᠢᠶᠡᠯᠡᠩ︾᠂ ᠵᠡᠭᠦᠨ ᠳᠠᠯᠠᠢ ᠶᠢᠨ ᠡᠷᠭᠢ ᠶᠢᠨ ᠲᠡᠮᠦᠷ ᠵᠠᠮ ᠵᠡᠷᠭᠡ | ᠴᠢᠬᠤᠯᠠ ᠶᠡᠭᠡ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ | ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ ᠵᠡᠷᠭᠡ ᠢᠷᠡᠭᠡᠳᠦᠢ ᠶᠢᠨ ᠠᠵᠤ ᠦᠢᠯᠡᠰ ᠤᠨ | ᠬᠠᠮᠲᠤᠷᠠᠯᠴᠠᠭ᠎ᠠ ᠶᠢ ᠱᠠᠯᠠᠪᠳᠠᠨ ᠪᠤᠶᠢᠵᠢᠭᠤᠯᠤᠶ᠎ᠠ᠃ ᠮᠠᠯᠠᠶᠢᠰᠢᠶ᠎ᠠ ᠶᠢᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠳᠤᠮᠳᠠᠳᠤ ᠤᠯᠤᠰ ᠪᠠᠶᠠᠷᠯᠠᠨ | ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠮᠠᠯᠠᠶᠢᠰᠢᠶ᠎ᠠ ᠳᠤ ᠬᠦᠷᠴᠦ ᠪᠡᠯᠡ ᠣᠷᠣᠭᠤᠯᠤᠨ ᠠᠵᠢᠯ | ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠳᠤᠷᠠᠲᠠᠶ᠎ᠠ ᠮᠠᠯᠠᠶᠢᠰᠢᠶ᠎ᠠ ᠶᠢᠨ ᠬᠢᠨ ᠲᠠᠢ ︽ᠺᠦᠩᠽᠢ ᠶᠢᠨ | ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ ᠶᠢ ᠠᠬᠢᠭᠤᠯᠵᠤ᠂ ᠨᠠᠩ ᠣᠯᠠᠨ ᠰᠣᠶᠣᠯ᠂ | ᠵᠢᠭᠤᠯᠴᠢᠯᠠᠯ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠤᠯᠤᠰ ᠤᠨ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠨᠡᠮᠡᠭᠳᠡᠭᠦᠯᠦᠨ᠎ᠡ᠃ ᠳᠤᠮᠳᠠᠳᠤ ᠶᠢᠨ ᠬᠢᠨ ᠮᠠᠯᠠᠶᠢᠰᠢᠶ᠎ᠠ ᠶᠢᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠶᠢ | ᠳᠡᠮᠵᠢᠵᠦ᠂ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠶᠢᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠬᠤᠯᠪᠤᠭᠠᠯᠠᠨ ᠬᠦᠴᠦᠷᠬᠡᠭᠵᠢᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠭᠠᠵᠠᠷ | ᠣᠷᠣᠨ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠣᠯᠣᠨ ᠢᠳᠡᠪᠬᠢ ᠬᠦᠴᠦᠨ ᠬᠠᠩᠭᠠᠨ᠎ᠠ | ᠭᠡᠵᠦ ᠴᠢᠬᠤᠯᠠᠴᠢᠯᠠᠪᠠ᠃ | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ | ᠮᠠᠯᠠᠶᠢᠰᠢᠶ᠎ᠠ ᠶᠢᠨ ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠢᠪᠦ᠋ᠯᠠᠰᠢᠨ᠂ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠣᠯ ᠬᠤᠶᠠᠷ ᠤᠯᠤᠰ ᠤᠨ ᠬᠠᠷᠢᠯᠴᠠᠭᠠᠨ ᠤ ᠨᠢᠭᠡᠨ ᠲᠣᠮᠣ ᠶᠠᠪᠤᠳᠠᠯ ᠪᠠᠶᠢᠵᠤ᠂ ᠮᠠᠯᠠᠶᠢᠰᠢᠶ᠎ᠠ ᠳᠤᠮᠳᠠᠳᠤ ᠶᠢᠨ | ᠬᠠᠷᠢᠯᠴᠠᠭᠠᠨ ᠤ ᠥᠨᠳᠥᠷ ᠲᠦᠪᠰᠢᠨ ᠢ ᠭᠦᠢᠴᠡᠳ ᠬᠠᠷᠠᠭᠤᠯᠵᠤ ᠪᠠᠶᠢᠨ᠎ᠠ᠃ ᠪᠢ ᠨᠢᠳᠤᠨᠤᠨ ᠤ 9 ᠰᠠᠷ᠎ᠠ ᠳᠤ | ᠳᠤᠮᠳᠠᠳᠤ ᠤᠯᠤᠰ ᠲᠤ ᠠᠮᠵᠢᠯᠲᠠ ᠲᠠᠢ ᠪᠠᠷ ᠠᠶᠢᠯᠴᠢᠯᠠᠬᠰᠠᠨ ᠢᠶᠠᠨ ᠤᠳᠤ ᠪᠤᠯᠲᠠᠯ᠎ᠠ ᠲᠣᠳᠣᠷᠬᠠᠢ ᠴᠡᠭᠡᠵᠢᠯᠡᠭᠰᠡᠭᠡᠷ | ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠮᠠᠯᠠᠶᠢᠰᠢᠶ᠎ᠠ ᠳᠠᠬᠢ ᠠᠶᠢᠯᠴᠢᠯᠠᠯᠲᠠ ᠨᠢ ᠬᠤᠶᠠᠷ | ᠤᠯᠤᠰ ᠤᠨ ᠬᠠᠷᠢᠯᠴᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ | ᠥᠷᠨᠢᠩᠭᠦᠢ ᠬᠥᠭᠵᠢᠯᠲᠡ ᠶᠢ ᠠᠬᠢᠭᠤᠯᠬᠤ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠬᠥᠮᠥᠰ ᠢ ᠱᠠᠬᠰᠢᠭᠤᠯᠤᠮᠠ | ᠬᠥᠭᠵᠢᠯᠲᠡ ᠶᠢᠨ ᠠᠮᠵᠢᠯᠲᠠ ᠪᠦᠳᠦᠮᠵᠢ ᠣᠯᠣᠭᠰᠠᠨ ᠨᠢ ᠲᠡᠷᠢᠭᠦᠯᠡᠭᠴᠢ ᠰᠢ ᠶᠢᠨ ᠫᠢᠩ ᠤᠨ ᠥᠨᠳᠥᠷ ᠲᠤ ᠵᠣᠭᠰᠣᠨ | ᠠᠯᠤᠰ ᠢ ᠪᠠᠷᠠᠯᠠᠭᠰᠠᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠰᠢᠷᠭᠠᠭᠤ ᠭᠦᠳᠡᠯᠮᠦᠷᠢ ᠠᠴᠠ ᠪᠣᠯᠤᠭᠰᠠᠨ | ᠶᠤᠮ᠃ ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠳᠡᠯᠡᠬᠡᠢ ᠶᠢᠨ ᠪᠠᠶᠢᠳᠠᠯ ᠳᠤ ᠶᠠᠭᠠᠬᠢᠵᠤ ᠬᠤᠪᠢᠷᠠᠯᠲᠠ ᠭᠠᠷᠤᠭᠰᠠᠨ ᠴᠤ ᠴᠥᠮ ᠭᠠᠷ | ᠬᠤᠯᠪᠣᠨ ᠬᠠᠮᠲᠤ ᠪᠠᠷ ᠤᠷᠤᠭᠰᠢᠯᠠᠨ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠵᠦ᠂ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠮᠠᠯᠠᠶᠢᠰᠢᠶ᠎ᠠ ᠶᠢᠨ ᠲᠠᠯ᠎ᠠ ᠶᠢᠨ ᠬᠢᠨ ᠣᠷᠣᠨ ᠪᠦᠰᠡ ᠶᠢᠨ ᠠᠵᠤ ᠠᠬᠤᠢ ᠶᠢᠨ | ᠨᠢᠭᠡ ᠴᠣᠭᠴᠠᠵᠢᠯᠲᠠ ᠶᠢ ᠴᠢᠬᠤᠯᠠᠴᠢᠯᠠᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠡᠷᠡᠰ | ᠲᠡᠮᠵᠢᠵᠥ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠠᠷᠠᠯᠵᠢᠶ᠎ᠠ ᠪᠡᠯᠡ ᠣᠷᠣᠭᠤᠯᠤᠯᠲᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ | ᠲᠣᠭᠲᠠᠪᠤᠷᠢᠵᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠨ᠎ᠠ᠃ ᠣᠶᠢᠷ᠎ᠠ ᠳᠤ ᠳᠤᠮᠳᠠᠳᠤ ᠤᠯᠤᠰ ᠤᠨ | ᠬᠤᠷᠠᠯᠳᠤᠭᠤᠯᠤᠭᠰᠠᠨ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠢ ᠮᠠᠯᠠᠶᠢᠰᠢᠶ᠎ᠠ ᠶᠢᠨ ᠲᠠᠯ᠎ᠠ ᠶᠢᠨ ᠬᠢᠨ | ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ ᠪᠥᠮᠪᠥᠷᠴᠡᠭ ᠪᠣᠯᠣᠨ ᠭᠠᠵᠠᠷ ᠣᠷᠣᠨ ᠤ ᠥᠷᠢᠰᠦᠯᠳᠦᠭᠡᠨ ᠢ | ᠠᠷᠭᠠᠴᠠᠭᠠᠬᠤ ᠳᠤ ᠦᠵᠡᠭᠦᠯᠭᠦ ᠳᠤᠮᠳᠠᠳᠤ ᠤᠯᠤᠰ ᠤᠨ ᠴᠢᠬᠤᠯᠠ ᠦᠢᠯᠡᠳᠦᠯ ᠢ ᠴᠢᠬᠤᠯᠠᠴᠢᠯᠠᠨ ᠦᠵᠡᠪᠡ᠃ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭ᠎ᠠ ᠶᠢᠨ ᠵᠣᠬᠢᠴᠠᠭᠤᠯᠤᠭᠴᠢ | ᠤᠯᠤᠰ ᠪᠣᠯᠤᠭᠰᠠᠨ ᠤ ᠬᠤᠪᠢ ᠳᠤ ᠮᠠᠯᠠᠶᠢᠰᠢᠶ᠎ᠠ ᠶᠢᠨ ᠬᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠬᠤ ᠪᠠᠷ ᠬᠦᠴᠦᠯᠡᠵᠦ᠂ ᠡᠩᠬᠡ ᠲᠠᠶᠢᠪᠤᠩ ᠬᠥᠭᠵᠢᠯ ᠴᠡᠴᠡᠭᠯᠡᠯ ᠤᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ | ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ ᠰᠢ ᠶᠢᠨ ᠫᠢᠩ ᠢᠪᠦ᠋ᠯᠠᠰᠢᠨ ᠤ ᠡᠷᠭᠢᠯᠡᠭᠰᠡᠨ ᠤᠭᠲᠤᠬᠤ ᠳᠠᠶᠢᠯᠠᠯᠭ᠎ᠠ ᠳᠤ | ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |