ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠭᠢᠯᠭᠠᠨ ᠮᠡᠳᠡᠭᠡ | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ | ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠢ ᠰᠠᠶᠢᠳ ᠤᠨ ᠣᠷᠳᠣᠨ ᠳᠤ ᠬᠦᠷᠬᠦ ᠳᠤ ᠠᠨᠸᠠᠷ | ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠬᠤᠶᠠᠷ ᠤᠯᠤᠰ ᠤᠨ ᠤᠯᠤᠰ ᠤᠨ | ᠲᠤᠭ ᠢ ᠬᠤᠷᠦ᠋ᠢᠯᠠᠵᠤ᠂ ᠭᠦᠷ ᠬᠥᠭᠵᠢᠶᠡᠨ ᠲᠠᠢ ᠬᠡᠩᠭᠡᠷᠭᠡᠨ ᠬᠥᠭᠵᠢᠮ ᠢ ᠬᠠᠩᠭᠢᠨᠠᠭᠤᠯᠵᠤ᠂ ᠣᠷᠭᠢᠯᠤᠮ᠎ᠠ | ᠰᠡᠳᠬᠢᠯᠭᠡ ᠲᠠᠢ ᠦᠨᠳᠦᠰᠦᠲᠡᠨ ᠤ ᠪᠥᠵᠢᠭ ᠢ ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠬᠦᠨᠳᠦᠲᠦ | ᠵᠣᠴᠢᠨ ᠢᠶᠠᠨ ᠬᠠᠯᠠᠭᠤᠨ ᠢᠶᠠᠷ ᠤᠭᠲᠤᠪᠠ᠃ | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ | ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠶᠢᠨ ᠤᠯᠠᠮᠵᠢᠯᠠᠯᠲᠤ ᠨᠥᠬᠦᠷᠯᠡᠯ ᠮᠢᠩᠭᠠᠨ ᠣᠨ ᠢ ᠲᠤᠭᠤᠯᠪᠠ᠃ | ᠬᠤᠶᠠᠷ ᠤᠯᠤᠰ ᠤᠨ ᠨᠥᠬᠦᠷᠯᠡᠯ ᠥᠨᠢ ᠤᠳᠠᠭᠠᠨ ᠲᠡᠦᠬᠡᠨ ᠶᠠᠪᠤᠴᠠ ᠳᠤ ᠪᠤᠢ ᠪᠣᠯᠵᠤ᠂ ᠰᠣᠶᠣᠯ ᠤᠨ | ᠠᠭᠤᠰᠤᠯᠴᠠᠯ ᠤᠨ ᠳᠤᠮᠳᠠ ᠦᠰᠦᠨ ᠪᠤᠶᠢᠵᠢᠵᠤ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭᠲᠠᠢ ᠪᠠᠶᠢᠬᠤ | ᠳᠤᠮᠳᠠ ᠪᠠᠬᠢᠵᠢᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠳᠤᠮᠳᠠ ᠭᠦᠨᠵᠡᠭᠡᠶᠢᠷᠡᠵᠦ᠂ ᠰᠡᠳᠬᠢᠯ | ᠰᠠᠨᠠᠭ᠎ᠠ ᠪᠠᠨ ᠣᠯᠣᠯᠴᠠᠬᠤ᠂ ᠦᠨᠡᠨᠴᠢ ᠪᠠᠷ ᠬᠠᠨᠳᠤᠬᠤ᠂ ᠵᠢᠷᠤᠮ ᠢ ᠡᠷᠭᠢᠮᠯᠡᠭᠦ᠂ ᠡᠶ᠎ᠡ ᠨᠠᠶᠢᠷ ᠢ ᠳᠡᠭᠡᠳᠦᠯᠡᠬᠦ | ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠲᠡᠦᠬᠡ ᠶᠢᠨ | ᠤᠶᠤᠨ ᠤᠬᠠᠭᠠᠨ ᠪᠣᠯᠣᠨ ᠰᠥᠰᠥ ᠵᠣᠷᠢᠭ ᠢ ᠢᠯᠡᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠡᠷᠬᠢᠮ ᠨᠠᠨᠳᠢᠨ | ᠥᠪ ᠬᠥᠷᠥᠩᠭᠡ ᠪᠣᠯᠤᠭᠰᠠᠨ ᠪᠠᠶᠢᠨ᠎ᠠ᠃ ᠨᠢᠳᠤᠨᠤᠨ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠥᠩᠭᠡᠷᠡᠭᠰᠡᠨ 50 ᠵᠢᠯ ᠳᠤ | ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠂ ᠬᠤᠶᠠᠷ ᠲᠠᠯ᠎ᠠ ᠪᠠᠷ ᠢᠶᠠᠨ | ᠳᠠᠷᠠᠭᠠᠴᠢ ᠶᠢᠨ 50 ᠵᠢᠯ ᠳᠤ ᠲᠡᠦᠬᠡ ᠶᠢᠨ ᠰᠠᠨᠠᠭᠠᠴᠢᠯᠠᠭ᠎ᠠ ᠶᠢ ᠦᠷᠭᠦᠯᠵᠢᠯᠡᠨ ᠡᠵᠡᠮᠳᠡᠵᠦ᠂ ᠴᠠᠭ ᠦᠶ᠎ᠡ ᠶᠢᠨ | ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠬᠥᠭᠵᠢᠯ ᠴᠡᠴᠡᠭᠯᠡᠯ | ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ | ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠭᠤᠷᠪᠠᠨ ᠲᠠᠯ᠎ᠠ ᠶᠢᠨ ᠰᠠᠨᠠᠯ | ᠳᠤᠷᠠᠳᠪᠠ᠃ | ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠥᠨᠳᠥᠷ ᠲᠦᠪᠰᠢᠨ | ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ | ᠴᠥᠮ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠳᠠᠭᠠᠳᠤ ᠶᠢᠨ ᠭᠠᠷ | ᠲᠦᠷᠦᠭᠦ ᠶᠢ ᠡᠰᠡᠷᠭᠦᠴᠡᠵᠦ᠂ ᠦᠷᠭᠦᠯᠵᠢᠯᠡᠨ ᠭᠠᠷ ᠬᠤᠯᠪᠣᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠢᠷᠡᠭᠡᠳᠦᠢ ᠬᠤᠪᠢ | ᠵᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ︽2 + 2︾ ᠶᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠤᠯᠤᠰ ᠤᠨ ᠠᠮᠤᠷ ᠲᠦᠪᠰᠢᠨ᠂ | ᠰᠡᠷᠭᠡᠶᠢᠯᠡᠨ ᠬᠠᠮᠠᠭᠠᠯᠠᠬᠤ ᠠᠵᠢᠯ᠂ ᠬᠠᠤᠯᠢ ᠬᠡᠷᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃ | ᠬᠤᠶᠠᠷ ᠲᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ ᠴᠢᠷᠮᠠᠶᠢᠵᠤ᠂ | ᠮᠠᠯᠠᠶᠢᠰᠢᠶ᠎ᠠ ᠶᠢᠨ ︽ᠴᠠᠩᠮᠢᠩ ᠤᠨ ᠠᠵᠤ ᠠᠬᠤᠢ︾ ᠶᠢᠨ ᠲᠥᠯᠥᠪᠯᠡᠭᠡ ᠲᠠᠢ ᠠᠷᠭ᠎ᠠ ᠨᠢ ᠣᠨᠳᠣᠣ ᠠᠮᠵᠢᠯᠲᠠ ᠨᠢ | ᠠᠳᠠᠯᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ | ᠠᠵᠤ ᠠᠬᠤᠢ᠂ ᠲᠠᠯᠠᠢ ᠲᠠᠩᠭᠢᠰ ᠤᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ | ᠴᠠᠷᠠᠭ᠎ᠠ ᠳᠠᠬᠢ ᠬᠠᠮᠲᠤᠷᠠᠯᠴᠠᠭ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ᠂ ᠲᠤᠭ᠎ᠠ ᠪᠠᠷᠢᠮᠲᠠ ᠶᠢᠨ ᠬᠡᠯᠬᠢᠶ᠎ᠡ᠂ ᠴᠢᠳᠠᠪᠤᠷᠢᠲᠠᠨ ᠤ | ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠶ᠎ᠠ᠃ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ | ᠠᠬᠢᠭᠤᠯᠤᠶ᠎ᠠ᠃ ᠲᠡᠮᠦᠷ ᠵᠠᠮ ᠪᠠ ᠲᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ︽ᠬᠤᠶᠠᠷ | ᠤᠯᠤᠰ ᠤᠨ ᠬᠤᠣᠰ ᠬᠦᠷᠢᠶᠡᠯᠡᠩ︾ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠪᠡᠶᠡᠯᠡᠭᠦᠯᠵᠦ᠂ | ᠮᠠᠯᠠᠶᠢᠰᠢᠶ᠎ᠠ ᠶᠢᠨ ᠴᠢᠬᠤᠯᠠ ᠭᠠᠷᠠᠮ ᠢ ︽ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ︾ ᠤᠨ | ᠴᠢᠬᠤᠯᠠ ᠬᠦᠢᠰᠦ ᠪᠣᠯᠭᠠᠨ ᠪᠠᠶᠢᠭᠤᠯᠤᠶ᠎ᠠ᠃ | ᠭᠤᠷᠪᠠ ᠳᠤ᠂ ᠦᠶ᠎ᠡ ᠦᠶ᠎ᠡ ᠶᠢᠨ ᠨᠥᠬᠦᠷᠯᠡᠯ ᠢ ᠤᠯᠠᠮᠵᠢᠯᠠᠵᠤ᠂ ᠪᠣᠯᠪᠠᠰᠤᠨ ᠤ ᠰᠣᠯᠢᠯᠴᠠᠭ᠎ᠠ ᠪᠠ ᠬᠠᠷᠢᠯᠴᠠᠨ | ᠲᠣᠯᠢ ᠪᠤᠯᠭᠠᠬᠤ ᠶᠢ ᠭᠦᠨᠵᠡᠭᠡᠶᠢᠷᠡᠭᠦᠯᠦᠶ᠎ᠡ᠃ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ | ᠶᠠᠷᠢᠯᠴᠠᠭ᠎ᠠ︾ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠤᠯᠤᠰ ᠴᠢᠨᠠᠭᠰᠢᠯᠠᠪᠠᠯ ᠭᠠᠵᠠᠷ ᠣᠷᠣᠨ ᠤ | ᠳᠠᠪᠬᠤᠷᠭ᠎ᠠ ᠶᠢᠨ ᠪᠣᠯᠪᠠᠰᠤᠨ ᠤ ᠰᠣᠯᠢᠯᠴᠠᠭᠠᠨ ᠤ ᠲᠠᠪᠴᠠᠩ ᠢ ᠭᠠᠷ ᠬᠤᠯᠪᠣᠨ ᠴᠣᠭᠴᠠᠯᠠᠶ᠎ᠠ᠃ ᠬᠠᠷᠢᠯᠴᠠᠨ ᠸᠢᠰᠠ ᠶᠢ | ᠬᠡᠯᠲᠦᠷᠢᠭᠦᠯᠬᠦ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠯ᠂ | ᠵᠠᠯᠠᠭᠤᠴᠤᠳ᠂ ᠣᠷᠣᠨ ᠨᠤᠲᠤᠭ ᠤᠨ ᠰᠣᠯᠢᠯᠴᠠᠭ᠎ᠠ ᠶᠢ ᠶᠡᠭᠡ ᠪᠠᠷ ᠥᠷᠨᠢᠭᠦᠯᠵᠦ᠂ ᠰᠣᠶᠣᠯ᠂ ᠰᠤᠷᠭᠠᠨ ᠬᠥᠮᠦᠵᠢᠯ᠂ | ᠪᠡᠶ᠎ᠡ ᠶᠢᠨ ᠲᠠᠮᠢᠷ᠂ ᠺᠢᠨᠣ᠋᠂ ᠵᠠᠭᠤᠴᠢᠯᠠᠭᠤᠷ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠦᠶ᠎ᠡ᠃ | ᠳᠤᠮᠳᠠᠳᠤ ᠶᠢᠨ ᠲᠠᠯ᠎ᠠ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠲᠠᠢ ᠮᠠᠯᠤᠷ ᠥᠲᠡᠭᠡ ᠶᠢ ᠬᠠᠮᠠᠭᠠᠯᠠᠬᠤ | ᠬᠠᠮᠲᠤᠷᠠᠯᠴᠠᠭᠠᠨ ᠤ ᠰᠤᠳᠤᠯᠭᠠᠨ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ | ᠰᠢ ᠶᠢᠨ ᠫᠢᠩ᠂ ᠮᠠᠯᠠᠶᠢᠰᠢᠶ᠎ᠠ ᠶᠢᠨ ᠬᠢᠨ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ ᠶᠢᠨ ᠭᠤᠣᠯ ᠰᠡᠳᠦᠪ ᠢ ︽ᠪᠠᠭᠲᠠᠭᠠᠮᠵᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ︾ ᠭᠡᠵᠦ | ᠲᠣᠭᠲᠠᠭᠠᠭᠰᠠᠨ ᠨᠢ ᠴᠠᠭ ᠤᠨ ᠪᠠᠶᠢᠳᠠᠯ ᠤᠨ ᠲᠤᠬᠠᠢ ᠭᠦᠨᠵᠡᠭᠡᠢ ᠠᠵᠢᠭᠯᠠᠯᠲᠠ ᠶᠢ ᠢᠯᠡᠷᠡᠭᠦᠯᠪᠡ᠃ ᠳᠤᠮᠳᠠᠳᠤ ᠤᠯᠤᠰ | ᠮᠠᠯᠠᠶᠢᠰᠢᠶ᠎ᠠ ᠶᠢᠨ ᠬᠢᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ | ᠤᠯᠤᠰ ᠤᠨ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ | ᠬᠠᠮᠲᠤ ᠪᠠᠷ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ | ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ᠵᠥᠪᠯᠡᠯᠴᠡᠭᠡᠷ ᠤᠨ ᠪᠢᠴᠢᠭ ᠲᠤ ᠡᠷᠲᠡᠬᠡᠨ ᠭᠠᠷ ᠤᠨ ᠦᠰᠦᠭ ᠵᠢᠷᠤᠵᠤ᠂ | ᠨᠡᠭᠡᠭᠡᠯᠲᠡᠲᠡᠢ ᠪᠠᠭᠲᠠᠭᠠᠮᠵᠢᠲᠠᠢ᠂ ᠪᠦᠯᠬᠦᠮᠳᠡᠨ ᠬᠠᠮᠲᠤᠷᠠᠯᠴᠠᠬᠤ ᠪᠠᠷ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ︾᠂ | ︽ᠪᠠᠭ᠎ᠠ ᠬᠦᠷᠢᠶ᠎ᠡ ᠥᠨᠳᠥᠷ ᠬᠡᠷᠡᠮ︾ ᠪᠣᠯᠣᠨ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠶᠢ | ᠬᠤᠷᠢᠭᠯᠠᠵᠤ᠂ ᠡᠩᠬᠡ ᠲᠠᠶᠢᠪᠤᠩ᠂ ᠬᠠᠮᠲᠤᠷᠠᠯᠴᠠᠬᠤ᠂ ᠨᠡᠭᠡᠭᠡᠯᠲᠡᠲᠡᠢ᠂ ᠪᠠᠭᠲᠠᠭᠠᠮᠵᠢᠲᠠᠢ ᠠᠽᠢᠶ᠎ᠠ ᠲᠢᠪ ᠤᠨ | ᠦᠷᠳᠡᠭ ᠤᠨ ᠦᠵᠡᠯᠲᠡ ᠪᠠᠷ ᠪᠠᠭᠤᠷᠠᠢ ᠨᠢ ᠬᠦᠴᠦᠷᠬᠡᠭ ᠲᠡᠭᠡᠨ ᠳᠣᠷᠣᠮᠵᠢᠯᠠᠭᠳᠠᠵᠤ ᠵᠠᠯᠭᠢᠭᠳᠠᠬᠤ ᠤᠢ ᠰᠢᠭᠤᠢ ᠶᠢᠨ | ᠵᠢᠮ᠎ᠡ ᠬᠠᠤᠯᠢ ᠳᠤ ᠬᠠᠷᠢᠭᠤᠯᠲᠠ ᠥᠭᠴᠦ᠂ ᠠᠽᠢᠶ᠎ᠠ ᠲᠢᠪ ᠤᠨ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ | ᠴᠢᠨᠠᠷ ᠢᠶᠠᠷ ᠳᠡᠯᠡᠬᠡᠢ ᠶᠢᠨ ᠲᠣᠭᠲᠠᠪᠤᠷᠢᠲᠤ ᠪᠤᠰᠤ ᠪᠠ ᠲᠣᠬᠲᠠᠭᠠᠯᠲᠤ ᠪᠤᠰᠤ ᠪᠠᠶᠢᠳᠠᠯ ᠢ ᠠᠷᠭᠠᠴᠠᠭᠠᠨ᠎ᠠ ᠭᠡᠵᠦ | ᠵᠢᠭᠠᠵᠤ ᠭᠠᠷᠭᠠᠪᠠ᠃ | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ | ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ | ᠮᠠᠯᠠᠶᠢᠰᠢᠶ᠎ᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠠᠨᠸᠠᠷ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ | ᠤᠭᠲᠤᠵᠤ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠦᠨᠡᠨ ᠰᠡᠳᠬᠢᠯ ᠠᠴᠠ ᠪᠠᠨ ᠮᠠᠯᠠᠶᠢᠰᠢᠶ᠎ᠠ ᠶᠢ | ᠬᠠᠪᠰᠤᠷᠴᠤ᠂ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ | ᠮᠠᠯᠠᠶᠢᠰᠢᠶ᠎ᠠ ᠶᠢᠨ ᠨᠠᠶᠢᠳᠠᠪᠤᠷᠢᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ | ᠤᠳᠤᠷᠢᠳᠤᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ | ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠵᠤ᠂ ᠬᠠᠮᠲᠤ ᠪᠠᠷ ᠴᠡᠴᠡᠭᠯᠡᠨ ᠬᠥᠭᠵᠢᠬᠦ᠂ ᠪᠣᠯᠪᠠᠰᠤᠨ ᠢᠶᠠᠨ | ᠬᠠᠷᠢᠯᠴᠠᠨ ᠲᠣᠯᠢ ᠪᠤᠯᠭᠠᠬᠤ ᠶᠢ ᠰᠠᠨᠠᠭᠠᠴᠢᠯᠠᠭᠰᠠᠨ ᠤᠳᠤ ᠶᠢᠨ ᠳᠡᠯᠡᠬᠡᠢ ᠶᠢᠨ ᠭᠠᠷᠮᠠᠭᠠᠢ ᠤᠳᠤᠷᠢᠳᠬᠤ ᠬᠥᠮᠥᠨ | ᠮᠥᠨ᠃ ᠮᠠᠯᠠᠶᠢᠰᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠪᠣᠯᠣᠨ ᠲᠡᠷᠢᠭᠦᠯᠡᠭᠴᠢ ᠰᠢ ᠶᠢᠨ ᠫᠢᠩ ᠢ ᠪᠢᠰᠢᠷᠡᠵᠦ | ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠣᠯᠣᠭᠰᠠᠨ ᠰᠢᠨ᠎ᠡ | ᠲᠡᠮᠳᠡᠭᠯᠡᠯ ᠢ ᠡᠭᠦᠳᠦᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠨᠢ ᠮᠠᠯᠠᠶᠢᠰᠢᠶ᠎ᠠ ᠶᠢᠨ ᠲᠠᠯ᠎ᠠ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠂ ᠮᠠᠯᠠᠶᠢᠰᠢᠶ᠎ᠠ ᠶᠢᠨ ᠬᠢᠨ ᠶᠡᠬᠡᠳᠡ ᠵᠣᠷᠢᠭᠵᠢᠪᠠ᠃ ᠮᠠᠯᠠᠶᠢᠰᠢᠶ᠎ᠠ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠠᠮᠠᠷᠪᠠ ᠠᠵᠢᠯᠯᠠᠭ᠎ᠠ ᠶᠢ ᠳᠡᠮᠵᠢᠬᠦ ᠦᠭᠡᠢ᠃ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠭᠢᠵᠢᠭᠦᠯᠦᠨ᠎ᠡ︔ ᠬᠤᠶᠠᠷ ᠤᠯᠤᠰ ᠤᠨ ᠠᠷᠠᠯᠵᠢᠶ᠎ᠠ ᠶᠢ ᠥᠷᠭᠡᠳᠬᠡᠵᠦ᠂ ᠳᠤᠮᠳᠠᠳᠤ ᠤᠯᠤᠰ ᠤᠨ | ᠠᠵᠤ ᠠᠬᠤᠶᠢᠯᠠᠯ ᠮᠠᠯᠠᠶᠢᠰᠢᠶ᠎ᠠ ᠳᠤ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠵᠦ᠂ ᠮᠠᠯᠠᠶᠢᠰᠢᠶ᠎ᠠ ᠶᠢᠨ | ᠲᠠᠯ᠎ᠠ ᠶᠢᠨ ᠬᠢᠨ ᠲᠠᠢ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠵᠣᠬᠢᠶᠠᠮᠠᠯ ᠤᠶᠤᠨ | ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠥᠭᠵᠢᠭᠦᠯᠵᠦ᠂ | ᠬᠤᠶᠠᠷ ᠤᠯᠤᠰ ᠤᠨ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ | ᠪᠠᠶᠢᠨ᠎ᠠ︔ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ | ᠰᠣᠯᠢᠯᠴᠠᠭ᠎ᠠ ᠶᠢ ᠨᠡᠮᠡᠭᠳᠡᠭᠦᠯᠵᠦ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ | ᠠᠭᠢᠭᠤᠯᠤᠨ᠎ᠠ︔ ᠢᠰᠯᠠᠮ ᠤᠨ ᠪᠣᠯᠪᠠᠰᠤᠨ ᠪᠠ ᠺᠦᠩᠽᠢ ᠶᠢᠨ ᠰᠤᠷᠭᠠᠯ ᠤᠨ ᠪᠣᠯᠪᠠᠰᠤᠨ ᠤ ᠶᠠᠷᠢᠯᠴᠠᠭ᠎ᠠ ᠶᠢ | ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠭᠠᠭᠴᠠ ᠲᠠᠯᠠᠲᠤ | ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠤᠨ ᠡᠮᠦᠨ᠎ᠡ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ | ᠠᠷᠭᠠᠴᠠᠭᠠᠨ᠎ᠠ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠠᠮᠠᠷᠪᠠ ᠭᠠᠭᠴᠠ ᠲᠠᠯ᠎ᠠ ᠠᠴᠠ | ᠪᠣᠭᠤᠮᠲᠠ ᠶᠢᠨ ᠭᠠᠶᠢᠯᠢ ᠨᠡᠮᠡᠬᠦ ᠠᠷᠭ᠎ᠠ ᠬᠢᠳᠡᠯ ᠢ ᠵᠥᠪᠰᠢᠶᠡᠷᠡᠬᠦ ᠦᠭᠡᠢ᠂ ᠬᠠᠮᠲᠤᠷᠠᠯᠴᠠᠵᠤ ᠬᠤᠯᠪᠣᠭᠠᠯᠠᠬᠤ ᠪᠠᠷ | ᠳᠠᠮᠵᠢᠨ ᠥᠪᠡᠷ ᠢ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠢᠶᠠᠨ ᠪᠠᠲᠤᠯᠠᠨ᠎ᠠ᠃ | ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ | ᠦᠵᠡᠭᠦᠯᠦᠭᠰᠡᠨ ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠮᠠᠯᠠᠶᠢᠰᠢᠶ᠎ᠠ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭᠠᠨ ᠤ | ᠵᠣᠬᠢᠴᠠᠭᠤᠯᠤᠭᠴᠢ ᠤᠯᠤᠰ ᠪᠣᠯᠤᠭᠰᠠᠨ ᠤ ᠬᠤᠪᠢ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ | — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠵᠤ᠂ ᠭᠠᠵᠠᠷ ᠣᠷᠣᠨ ᠤ ᠡᠩᠬᠡ | ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ | ᠬᠤᠶᠠᠷ ᠲᠠᠯ᠎ᠠ ᠶᠢᠨ 30 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ | ᠬᠠᠮᠲᠤ ᠪᠠᠷ ᠭᠡᠷᠡᠴᠢᠯᠡᠵᠦ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ᠂ ︽ | ᠺᠦᠩᠽᠢ ᠶᠢᠨ ᠰᠤᠷᠭᠠᠯ ᠪᠣᠯᠣᠨ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾᠂ ᠲᠣᠭᠠᠴᠢᠯᠠᠭᠰᠠᠨ ᠠᠵᠤ | ᠠᠬᠤᠢ᠂ ᠦᠢᠯᠡᠴᠢᠯᠡᠭᠡᠨ ᠤ ᠠᠷᠠᠯᠵᠢᠶ᠎ᠠ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠢ ᠲᠡᠰ ᠳᠡᠪᠰᠢᠭᠦᠯᠦᠨ | ᠬᠥᠭᠵᠢᠭᠦᠯᠬᠦ᠂ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠵᠣᠬᠢᠶᠠᠮᠠᠯ ᠤᠶᠤᠨ ᠴᠢᠳᠠᠪᠤᠷᠢ᠂ ᠲᠡᠮᠦᠷ ᠵᠠᠮ᠂ | ᠮᠡᠳᠡᠯᠭᠡ ᠶᠢᠨ ᠥᠮᠴᠢᠯᠡᠯ ᠤᠨ ᠡᠷᠬᠡ᠂ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ | ᠬᠠᠷᠢᠯᠴᠠᠨ ᠸᠢᠰᠠ ᠶᠢ ᠬᠡᠯᠲᠦᠷᠢᠭᠦᠯᠬᠦ᠂ ᠮᠠᠯᠤᠷ ᠦᠳᠡᠭᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠮᠠᠯᠠᠶᠢᠰᠢᠶ᠎ᠠ ᠶᠢᠨ | ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ ᠠᠨᠸᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |