ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ | 15 ᠤ ᠡᠳᠦᠷ᠂ ᠺᠤᠸᠠᠯᠠ ᠯᠦᠮᠫᠦ᠋ᠷ ᠲᠤ ᠬᠦᠷᠴᠦ ᠮᠠᠯᠠᠶᠢᠰᠢᠶ᠎ᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠲᠠᠰᠢᠷᠠᠮ ᠢᠶᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ︽ᠣᠳᠣᠨ ᠲᠢᠪ ᠡᠳᠦᠷ ᠤᠨ ᠰᠣᠨᠢᠨ︾ | ᠂ ︽ᠣᠳᠣᠨ ᠰᠣᠨᠢᠨ︾᠂ ︽ᠨᠡᠷᠡᠨ ᠭᠡᠷᠡᠯᠲᠦ ᠡᠳᠦᠷ ᠤᠨ ᠰᠣᠨᠢᠨ︾ ᠳᠤ ︽ᠳᠤᠮᠳᠠᠳᠤ ᠮᠠᠯᠠᠶᠢᠰᠢᠶ᠎ᠠ ᠶᠢᠨ | ᠨᠥᠬᠦᠷᠯᠡᠯ ᠤᠨ ᠣᠩᠭᠤᠴᠠ ᠶᠢ ᠨᠠᠩ ᠰᠠᠶᠢᠨ ᠰᠠᠶᠢᠬᠠᠨ ᠢᠷᠡᠭᠡᠳᠦᠶ ᠲᠡᠶᠢᠰᠢ ᠠᠶᠠᠯᠠᠭᠤᠯᠤᠶ᠎ᠠ︾ ᠭᠡᠬᠦ ᠭᠠᠷᠴᠠᠭ ᠲᠠᠢ | ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠤᠨ ᠣᠩᠭᠤᠴᠠ ᠶᠢ ᠨᠡᠩ ᠰᠠᠶᠢᠨ ᠰᠠᠶᠢᠬᠠᠨ ᠢᠷᠡᠭᠡᠳᠦᠶ ᠲᠡᠶᠢᠰᠢ | ᠠᠶᠠᠯᠠᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠬᠠᠭᠠᠨᠲᠠᠨ ᠤ ᠤᠷᠢᠯᠭ᠎ᠠ ᠪᠠᠷ᠂ ᠪᠢ | ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠤᠢ᠃ ᠡᠨᠡ ᠪᠣᠯ ᠮᠢᠨᠦ 12 ᠵᠢᠯ ᠤᠨ | ᠲᠠᠷᠠᠭ᠎ᠠ ᠡᠨᠡ ᠬᠦ ᠦᠵᠡᠰᠭᠦᠯᠡᠩᠲᠦ ᠰᠠᠶᠢᠬᠠᠨ ᠤᠯᠤᠰ ᠲᠤ ᠳᠠᠬᠢᠨᠲᠠ ᠠᠶᠢᠯᠴᠢᠯᠠᠬᠤ ᠶᠠᠪᠤᠳᠠᠯ ᠪᠣᠯᠤᠨ᠎ᠠ᠃ | ᠮᠠᠯᠠᠶᠢᠰᠢᠶ᠎ᠠ ᠶᠢᠨ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠮᠠᠯᠠᠶᠢᠰᠢᠶ᠎ᠠ ᠶᠢᠨ ᠨᠠᠶᠢᠵᠠ | ᠨᠠᠷ ᠲᠠᠢ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠬᠤ ᠶᠢ | ᠪᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ ᠲᠠᠯᠠᠢ ᠲᠡᠩᠬᠢᠰ ᠠᠯᠤᠰᠯᠠᠨ ᠰᠠᠭᠤᠬᠰᠠᠨ ᠨᠥᠬᠦᠷᠰᠡᠭ ᠬᠥᠷᠰᠢ | ᠤᠯᠤᠰ ᠪᠣᠯᠤᠨ᠎ᠠ᠃ ᠳᠠᠯᠠᠢ ᠳᠡᠭᠡᠷᠡᠬᠢ ᠲᠣᠷᠭᠠᠨ ᠵᠠᠮ ᠨᠢ ᠬᠤᠶᠠᠷ ᠤᠯᠤᠰ ᠤᠨ ᠮᠢᠩᠭᠠᠨ ᠤᠨ ᠢ ᠰᠤᠨᠳᠠᠯᠠᠭᠰᠠᠨ | ᠨᠥᠬᠦᠷᠰᠡᠭ ᠶᠠᠪᠤᠯᠴᠠᠭ᠎ᠠ ᠶᠢ ᠭᠡᠷᠡᠴᠢᠯᠡᠵᠦ᠂ ︽ᠤᠰᠤ ᠶᠢ ᠲᠠᠰᠤᠯᠵᠤ ᠲᠡᠶᠢᠯᠦᠰᠢ ᠦᠭᠡᠢ︾ ᠦᠶ᠎ᠡ ᠶᠢᠨ ᠦᠶ᠎ᠡ ᠶᠢᠨ | ᠨᠥᠬᠦᠷᠯᠡᠯ ᠨᠢ ᠲᠡᠦᠬᠡ ᠶᠢᠨ ᠬᠤᠪᠢᠰᠤᠯᠲᠠ ᠶᠢ ᠳᠠᠭᠠᠯᠳᠤᠨ ᠤᠯᠠᠮ ᠠᠴᠠ ᠤᠯᠠᠮ ᠭᠦᠨ ᠵᠤᠵᠠᠭᠠᠨ ᠪᠣᠯᠵᠠᠢ᠃ | 1300 ᠭᠠᠷᠤᠶ ᠵᠢᠯ ᠤᠨ ᠡᠮᠦᠨ᠎ᠡ᠂ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠶᠢᠨ ᠢ ᠵᠢᠩ ᠨᠣᠮᠴᠢ ᠲᠡᠯᠡᠶ | ᠭᠠᠲᠤᠯᠵᠤ ᠨᠤᠮ ᠵᠠᠯᠠᠬᠤ ᠳᠠᠭᠠᠨ ᠮᠠᠯᠠᠶ ᠬᠤᠶᠢᠭ ᠢᠶᠠᠷ ᠥᠩᠭᠡᠷᠡᠵᠤ ᠠᠩᠬ᠎ᠠ ᠤᠳᠠᠭ᠎ᠠ ᠥᠰᠥᠭ ᠪᠢᠴᠢᠭ ᠢᠶᠠᠷ | ᠡᠷᠲᠡᠨ ᠤ ᠺᠢᠳ᠋ᠨ ᠸᠠᠩᠲᠤ ᠤᠯᠤᠰ ᠤᠨ ᠲᠡᠦᠬᠡ ᠶᠢ ᠲᠡᠮᠳᠡᠭᠯᠡᠪᠡ᠃ 600 ᠭᠠᠷᠤᠢ ᠵᠢᠯ ᠤᠨ ᠡᠮᠦᠨ᠎ᠡ᠂ ᠳᠤᠮᠳᠠᠳᠤ | ᠤᠯᠤᠰ ᠤᠨ ᠮᠢᠩ ᠤᠯᠤᠰ ᠤᠨ ᠦᠶ᠎ᠡ ᠶᠢᠨ ᠳᠠᠯᠠᠶᠢᠴᠢᠨ ᠵᠧᠩ ᠾᠧ 7 ᠤᠳᠠᠭ᠎ᠠ ᠠᠯᠤᠰ ᠲᠠᠯᠠᠢ ᠪᠠᠷ | ᠠᠶᠠᠯᠠᠬᠤ ᠳᠠᠭᠠᠨ ᠮᠠᠯᠠᠺᠠ ᠳᠤ 5 ᠤᠳᠠᠭ᠎ᠠ ᠠᠶᠢᠯᠴᠢᠯᠠᠵᠤ᠂ ᠡᠩᠬᠡ ᠲᠠᠶᠢᠪᠤᠩ ᠨᠥᠬᠦᠷᠯᠡᠯ ᠤᠨ ᠦᠷ᠎ᠡ ᠶᠢ ᠰᠠᠴᠤᠵᠤ᠂ | ᠮᠠᠯᠠᠺᠠ ᠶᠢᠨ ᠰᠠᠨ ᠪᠦᠦ ᠮᠢᠶᠣᠣ ᠰᠦᠮ᠎ᠡ᠂ ᠰᠠᠨ ᠪᠦᠦ ᠱᠠᠨ ᠠᠭᠤᠯᠠ᠂ ᠰᠠᠨ ᠪᠦᠦ ᠵᠢᠩ ᠬᠤᠳᠳᠤᠭ ᠲᠤ | ᠲᠤᠬᠠᠢ ᠶᠢᠨ ᠭᠠᠵᠠᠷ ᠤᠨ ᠠᠷᠠᠳ ᠲᠦᠮᠡᠨ ᠤ ᠵᠧᠩ ᠾᠧ ᠶᠢᠨ ᠲᠤᠬᠠᠢ ᠭᠦᠨ ᠮᠥᠷᠥᠭᠡᠳᠦᠯ ᠢ ᠠᠴᠢᠶᠡᠯᠡᠵᠤ ᠪᠠᠶᠢᠨ᠎ᠠ᠃ | 80 ᠭᠠᠷᠤᠢ ᠵᠢᠯ ᠤᠨ ᠡᠮᠦᠨ᠎ᠡ᠂ ᠮᠠᠯᠠᠶᠢᠰᠢᠶ᠎ᠠ ᠶᠢᠨ ᠡᠮᠦᠨᠡᠲᠦ ᠲᠠᠯᠠᠢ ᠶᠢᠨ ᠲᠤᠮᠳᠠᠳᠤ ᠶᠢᠨ ᠬᠠᠷᠢᠶᠠᠲᠤ ᠨᠠᠷ ᠤᠨ | ᠮᠠᠰᠢᠨ ᠤ ᠠᠵᠢᠯᠴᠢᠳ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠤ ᠵᠠᠩᠭᠢᠯᠠᠭ᠎ᠠ ᠶᠢᠨ | ᠦᠶ᠎ᠡ ᠳᠤ ᠶᠦᠨᠨᠠᠨ ᠳᠤ ᠬᠦᠷᠴᠦ᠂ ᠶᠦᠨᠨᠠᠨ ᠪᠢᠷᠮᠠ ᠶᠢᠨ ᠵᠠᠰᠠᠮᠠᠯ ᠵᠠᠮ ᠭᠡᠬᠦ ᠡᠨᠡ ᠬᠦ ᠠᠮᠢᠨ ᠰᠤᠳᠠᠰᠤ ᠪᠤᠯᠤᠬᠰᠠᠨ | ᠵᠠᠮ ᠱᠤᠭᠤᠮ ᠢ ᠬᠠᠪᠰᠤᠷᠤᠨ ᠨᠡᠪᠲᠡᠷᠡᠭᠦᠯᠪᠡ᠃ ᠡᠳᠡᠭᠡᠷ ᠲᠠᠭᠤᠷᠢᠰᠬᠠᠯ ᠨᠢ ᠣᠳᠣ ᠪᠣᠯᠲᠠᠯ᠎ᠠ ᠳᠤᠮᠳᠠᠳᠤ ᠮᠠᠯᠠᠶᠢᠰᠢᠶ᠎ᠠ | ᠬᠤᠶᠠᠷ ᠤᠯᠤᠰ ᠤᠨ ᠠᠷᠠᠳ ᠲᠦᠮᠡᠨ ᠤ ᠳᠤᠮᠳᠠ ᠥᠷᠭᠡᠨ ᠢᠶᠠᠷ ᠤᠯᠠᠮᠵᠢᠯᠠᠭᠳᠠᠭᠰᠠᠭᠠᠷ ᠪᠠᠶᠢᠨ᠎ᠠ᠃ ᠥᠨᠥᠳᠦᠷ ᠤᠨ | ᠶᠠᠪᠤᠳᠠᠯ ᠠᠴᠠ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠬᠠᠮᠲᠤ ᠪᠠᠷ | ᠴᠢᠷᠮᠠᠶᠢᠵᠤ᠂ ᠡᠨᠡ ᠬᠦ ᠲᠡᠦᠬᠡ ᠶᠢᠨ ᠤᠷᠳᠤ ᠤᠷᠤᠰᠬᠠᠯ ᠲᠠᠭᠠᠵᠤ ᠠᠶᠠᠯᠠᠨ ᠢᠷᠡᠭᠰᠡᠨ ᠨᠥᠬᠦᠷᠯᠡᠯ ᠤᠨ | ᠣᠩᠭᠤᠴᠠ ᠳᠤ ᠲᠠᠬᠢᠨ ᠬᠥᠳᠡᠯᠭᠡᠬᠦ ᠬᠦᠴᠦᠨ ᠨᠡᠮᠡᠷᠢᠯᠡᠵᠦ᠂ ᠯᠠᠪᠳᠠᠭᠤᠨ ᠢᠶᠠᠷ ᠬᠤᠯᠠ ᠠᠶᠠᠯᠠᠭᠤᠯᠤᠶ᠎ᠠ᠃ | ᠪᠢᠳᠡ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢᠨ ᠤᠩᠭᠤᠴᠠᠨ ᠤ ᠵᠠᠯᠠᠭᠤᠷ ᠢ ᠪᠠᠲᠤ ᠡᠵᠡᠮᠳᠡᠶ᠎ᠡ᠃ 51 | ᠵᠢᠯ ᠤᠨ ᠡᠮᠦᠨ᠎ᠡ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠳᠤᠷᠢᠳᠬᠤ ᠬᠥᠮᠦᠨ ᠬᠦᠢᠳᠡᠨ ᠲᠠᠶᠢᠨ ᠤ | ᠤᠨᠢᠶᠠᠷ ᠬᠦᠳᠡᠩ ᠢ ᠰᠢᠪᠲᠤᠯᠤᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠪᠠᠷ ᠲᠣᠭᠲᠠᠵᠤ᠂ ᠳᠤᠮᠳᠠᠳᠤ ᠤᠯᠤᠰ | ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ ᠬᠠᠷᠢᠯᠴᠠᠭ᠎ᠠ ᠶᠢᠨ | ᠵᠠᠮ ᠢ ᠨᠡᠭᠡᠭᠡᠪᠠ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ | ᠢᠮᠠᠭᠲᠠ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠳᠤ ᠰᠠᠭᠤᠷᠢᠯᠠᠵᠤ᠂ ᠲᠤᠰ ᠲᠤᠰ ᠤᠨ ᠢᠶᠠᠨ | ᠬᠥᠭᠵᠢᠯᠲᠡ ᠶᠢᠨ ᠵᠠᠮ ᠢ ᠬᠦᠨᠳᠦᠳᠭᠡᠵᠦ᠂ ᠨᠦᠬᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠲᠡᠮᠵᠢᠵᠥ᠂ ᠤᠯᠤᠰ ᠪᠣᠯᠤᠨ | ᠤᠯᠤᠰ ᠤᠨ ᠬᠠᠷᠢᠯᠴᠠᠨ ᠠᠮᠵᠢᠯᠲᠠ ᠤᠯᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠬᠡᠪ | ᠳᠠᠭᠤᠷᠢᠶᠠᠯ ᠢ ᠪᠤᠢ ᠪᠣᠯᠭᠠᠪᠠ᠃ 2023 ᠣᠨ ᠳᠤ᠂ ᠪᠢ ᠶᠡᠷᠦᠩᠬᠡᠢ ᠰᠠᠶᠢᠳ ᠠᠨᠸᠠᠷ ᠯᠤᠭ᠎ᠠ ᠳᠤᠮᠳᠠᠳᠤ | ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ | ᠬᠠᠮᠲᠤ ᠶᠢᠨ ᠲᠠᠨᠢᠯᠲᠠ ᠲᠠᠢ ᠪᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠡᠦᠬᠡ ᠶᠢᠨ ᠰᠢᠨ᠎ᠡ ᠬᠠᠭᠤᠳᠠᠰᠤ ᠶᠢ | ᠨᠡᠭᠡᠭᠡᠪᠡ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠨᠢᠭᠲᠠᠷᠠᠭᠤᠯᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠣᠯᠤᠨ ᠲᠦᠷᠦ ᠶᠢ ᠵᠠᠰᠠᠵᠤ | ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠤᠶ᠎ᠡ᠃ | ᠪᠢᠳᠠ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠦᠶ᠎ᠡ᠃ 2024 ᠣᠨ ᠳᠤ᠂ | ᠳᠤᠮᠳᠠᠳᠤ ᠮᠠᠯᠠᠶᠢᠰᠢᠶ᠎ᠠ ᠶᠢᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2120 ᠳ᠋ᠦᠩᠰᠢᠭᠤᠷ ᠳ᠋ᠣᠯᠯᠠᠷ ᠲᠤ | ᠬᠦᠷᠴᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠬᠤ ᠦᠶ᠎ᠡ ᠶᠢᠨ ᠬᠢ ᠠᠴᠠ ᠮᠢᠩᠭᠠᠨ ᠲᠠᠬᠢᠨ ᠰᠢᠬᠠᠮ | ᠨᠡᠮᠡᠭᠳᠡᠵᠦ᠂ ᠳᠤᠮᠳᠠᠳᠤ ᠤᠯᠤᠰ 16 ᠵᠢᠯ ᠳᠠᠷᠠᠭᠠᠯᠠᠨ ᠮᠠᠯᠠᠶᠢᠰᠢᠶ᠎ᠠ ᠶᠢᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ | ᠪᠣᠯᠪᠠ᠃ ᠮᠠᠯᠠᠶᠢᠰᠢᠶ᠎ᠠ ᠶᠢᠨ ᠰᠢᠨ᠎ᠠ ᠰᠤᠷᠭᠤᠭ ᠳ᠋ᠦᠷᠢᠤ ᠨᠢ ᠨᠢᠭᠡ ᠡᠳᠦᠷ ᠤᠨ ᠳᠣᠲᠣᠷ᠎ᠠ ᠵᠢᠮᠢᠰ ᠤᠨ | ᠬᠦᠷᠢᠶᠡᠯᠡᠩ ᠠᠴᠠ ᠳᠤᠮᠳᠠᠳᠤ ᠤᠯᠤᠰ ᠤᠨ ᠬᠠᠮ ᠳᠡᠯᠭᠡᠭᠦᠷ ᠲᠤ ᠬᠦᠷᠴᠦ ᠳᠡᠶᠢᠯᠬᠦ ᠪᠤᠯᠵᠤ᠂ ᠳᠤᠮᠳᠠᠳᠤ ᠤᠯᠤᠰ ᠤᠨ | ᠠᠷᠠᠳ ᠣᠯᠠᠨ ᠳᠤ ᠮᠠᠰᠢ ᠲᠠᠭᠠᠰᠢᠶᠠᠭᠳᠠᠪᠠ᠃ ᠮᠠᠯᠠᠶᠢᠰᠢᠶ᠎ᠠ ᠳᠤᠮᠳᠠᠳᠤ ᠤᠯᠤᠰ ᠤᠨ ᠭᠤᠸᠠᠨ ᠳ᠋ᠠᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠨᠡᠶᠢᠳᠡ 110 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠳᠤ ᠣᠷᠣᠬᠤ ᠲᠦᠷᠦᠯ ᠵᠦᠢᠯ ᠪᠦᠬᠦᠨ ᠢᠶᠠᠷ ᠢᠶᠠᠨ | ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ ᠳᠠᠷᠠᠭ᠎ᠠ ᠮᠠᠰᠢ ᠤᠯᠠᠨ ᠤᠷᠳᠤ ᠬᠤᠭᠤᠴᠠᠭᠠᠨ ᠤ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠪᠣᠯᠤᠨ᠎ᠠ᠃ ᠬᠤᠶᠠᠷ ᠤᠯᠤᠰ ᠤᠨ ᠲᠣᠭᠠᠴᠢᠯᠠᠭᠰᠠᠨ ᠠᠵᠤ ᠠᠬᠤᠶ᠂ | ᠪᠣᠬᠢᠷᠲᠤᠯ ᠥᠬᠡᠶ ᠬᠥᠭᠵᠢᠯᠲᠡ᠂ ᠠᠵᠤ ᠦᠢᠯᠡᠰ ᠤᠨ ᠪᠠᠯᠠ ᠣᠷᠣᠭᠤᠯᠤᠯᠲᠠ᠂ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ | ᠲᠠᠰᠤᠷᠠᠯᠲᠠ ᠥᠬᠡᠶ ᠪᠠᠳᠠᠷᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠶᠢ | ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ ᠳᠠᠯᠠᠢ ᠳᠠᠩᠬᠢᠰ ᠤᠨ ᠠᠵᠤ ᠠᠬᠤᠶ᠂ | ᠵᠢᠭᠤᠯᠴᠢᠯᠠᠯ ᠤᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠤᠤᠯᠳᠠᠯᠭ᠎ᠠ ᠲᠠᠢ ᠠᠬᠢᠭᠤᠯᠵᠤ᠂ ᠲᠣᠰ ᠲᠣᠰ ᠤᠨ | ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭᠠᠨ ᠤ ᠣᠩᠭᠤᠴᠠᠨ ᠤ ᠰᠡᠯᠢᠭᠦᠷ ᠢ ᠰᠠᠶᠢᠲᠤᠷ ᠰᠡᠯᠢᠶᠡ᠃ ᠳᠤᠮᠳᠠᠳᠤ | ᠤᠯᠤᠰ ᠪᠣᠯᠤᠨ ᠮᠠᠯᠠᠶᠢᠰᠢᠶ᠎ᠠ ᠬᠠᠷᠢᠯᠴᠠᠨ ᠨᠥᠭᠦᠭᠡ ᠤᠯᠤᠰ ᠤᠨ ᠢᠶᠠᠨ ᠠᠷᠠᠳ ᠢᠷᠭᠡᠨ ᠳᠤ ᠸᠢᠰᠠ ᠶᠢ ᠬᠡᠯᠲᠦᠷᠢᠭᠦᠯᠬᠦ | ᠬᠠᠷᠠᠭᠠᠯᠵᠠᠯ ᠦᠵᠡᠭᠦᠯᠪᠡ᠃ 2024 ᠣᠨ ᠳᠤ᠂ ᠬᠤᠶᠠᠷ ᠤᠯᠤᠰ ᠤᠨ ᠬᠥᠮᠦᠰ ᠤᠨ ᠶᠠᠪᠤᠯᠴᠠᠭ᠎ᠠ 600 ᠲᠦᠮᠡ | ᠰᠢᠬᠠᠮ ᠬᠥᠮᠦᠨ ᠤᠳᠠᠭ᠎ᠠ ᠳᠤ ᠬᠦᠷᠴᠦ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠠᠴᠠ ᠡᠮᠦᠨᠡᠬᠢ ᠲᠦᠪᠰᠢᠨ ᠠᠴᠠ ᠳᠠᠪᠠᠪᠠ᠃ ︽ᠮᠠᠯᠠᠶᠢᠰᠢᠶ᠎ᠠ ᠪᠤᠯ ᠠᠽᠢᠶ᠎ᠠ ᠲᠢᠪ ᠤᠨ ᠭᠠᠶᠢᠬᠠᠮᠰᠢᠭ︾ ᠭᠡᠬᠦ | ᠵᠠᠷ ᠨᠢ ᠮᠠᠯᠠᠶᠢᠰᠢᠶ᠎ᠠ ᠶᠢᠨ ᠰᠣᠶᠣᠯ᠂ ᠲᠡᠦᠬᠡ᠂ ᠦᠵᠡᠮᠵᠢ ᠶᠢᠨ ᠥᠪᠡᠷᠮᠢᠴᠡ ᠭᠠᠶᠢᠬᠠᠮᠰᠢᠭ ᠢ ᠬᠠᠷᠠᠭᠤᠯᠵᠤ᠂ ᠮᠠᠰᠢ | ᠤᠯᠠᠨ ᠳᠤᠮᠳᠠᠳᠤ ᠤᠯᠤᠰ ᠤᠨ ᠵᠢᠭᠤᠯᠴᠢᠯᠠᠭᠰᠠᠳ ᠢ ᠲᠠᠲᠠᠵᠤ ᠵᠢᠭᠤᠯᠴᠢᠯᠠᠨ ᠲᠣᠭᠤᠷᠢᠬᠤ ᠶᠢ ᠲᠠᠶᠢᠴᠢᠯᠠᠪᠠ᠃ | ᠡᠭᠦᠨ ᠤ ᠬᠠᠮᠲᠤ᠂ ᠨᠡᠩ ᠤᠯᠠᠨ ᠮᠠᠯᠠᠶᠢᠰᠢᠶ᠎ᠠ ᠶᠢᠨ ᠵᠢᠭᠤᠯᠴᠢᠯᠠᠭᠰᠠᠳ ᠳᠤᠮᠳᠠᠳᠤ ᠤᠯᠤᠰ ᠲᠤ ᠠᠶᠢᠯᠴᠢᠯᠠᠵᠤ᠂ | ᠡᠯᠪᠡᠭ ᠪᠠᠶᠠᠯᠢᠭ ︽ᠡᠷᠲᠡᠨ ᠤ ᠬᠡᠪ ᠨᠠᠮᠪᠠ︾ ᠪᠠ ᠦᠡᠭᠭᠡ ᠢᠯᠭᠠᠷᠠᠭᠰᠠᠨ ︽ᠤᠳᠤ ᠴᠠᠭ ᠤᠨ ᠤᠷᠤᠰᠬᠠᠯ︾ ᠢ | ᠣᠶᠢᠯᠠᠭᠠᠨ ᠮᠡᠳᠡᠷᠡᠵᠦ ᠪᠠᠶᠢᠨ᠎ᠠ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠠᠷᠠᠳ ᠲᠦᠮᠡᠨ ᠲᠦᠷᠦᠯ ᠰᠠᠳᠤᠨ | ᠰᠢᠭ᠋ ᠢᠶᠠᠷ ᠦᠷᠭᠦᠯᠵᠢ ᠶᠠᠪᠤᠯᠴᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠤᠨ ᠪᠣᠯᠪᠠᠰᠤᠨ ᠢᠶᠠᠨ ᠬᠠᠷᠢᠯᠴᠠᠨ | ᠲᠤᠯᠢ ᠪᠤᠯᠭᠠᠬᠤ ᠶᠢ ᠠᠬᠢᠭᠤᠯᠵᠤ᠂ ᠬᠠᠷᠢᠯᠴᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠤᠶ᠎ᠠ᠃ | ᠪᠢᠳᠡ ᠣᠯᠠᠨ ᠲᠠᠯ᠎ᠠ ᠶᠢᠨ ᠬᠠᠮᠵᠢᠯᠴᠠᠭ᠎ᠠ ᠶᠢᠨ ᠳᠠᠷᠪᠠᠭᠤᠯ ᠢ ᠬᠡᠶᠢᠰᠭᠡᠶᠡ᠃ ᠳᠤᠮᠳᠠᠳᠤ ᠮᠠᠯᠠᠶᠢᠰᠢᠶ᠎ᠠ ᠬᠤᠶᠠᠷ | ᠤᠯᠤᠰ ᠴᠥᠮ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠬᠤᠯᠠ ᠬᠥᠭᠵᠢᠵᠦ ᠪᠠᠶᠢᠭ᠎ᠠ ᠤᠯᠤᠰ᠂ | ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠣᠭᠴᠠ᠂ ᠪᠦᠬᠦ ᠪᠥᠮᠪᠥᠷᠴᠡᠭ ᠤᠨ ᠬᠦᠭᠵᠢᠵᠦ | ᠪᠠᠶᠢᠭ᠎ᠠ ᠤᠯᠤᠰ ᠤᠳ ᠤᠨ ᠪᠦᠷᠢᠯᠳᠦᠬᠦᠨ ᠮᠥᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠣᠭᠰᠣᠯᠲᠠ | ᠠᠳᠠᠯᠢᠪᠲᠤᠷ᠂ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ | ᠪᠣᠷᠣ ᠲᠥᠯᠥᠪ ᠤᠨ ᠳᠣᠲᠣᠷ᠎ᠠ ᠨᠢᠭᠲᠠ ᠬᠠᠮᠵᠢᠯᠴᠠᠪᠠ᠃ ᠳᠤᠮᠳᠠᠳᠤ ᠤᠯᠤᠰ ᠮᠠᠯᠠᠶᠢᠰᠢᠶ᠎ᠠ ᠶᠢᠨ ᠠᠯᠳᠠᠨ ᠲᠣᠭᠤᠰᠬ᠎ᠠ | ᠤᠯᠤᠰ ᠤᠳ ᠤᠨ ᠬᠠᠨᠢᠲᠠᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠡᠨᠡ ᠨᠢ ᠪᠦᠬᠦ ᠪᠥᠮᠪᠥᠷᠴᠡᠭ ᠤᠨ | ᠬᠦᠭᠵᠢᠵᠦ ᠪᠠᠶᠢᠭ᠎ᠠ ᠤᠯᠤᠰ ᠤᠳ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠴᠠᠭ ᠦᠶ᠎ᠡ ᠶᠢᠨ ᠶᠡᠭᠡ | ᠬᠠᠨᠳᠤᠰᠢ ᠳᠤ ᠨᠡᠶᠢᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠬᠤ ᠳᠤ ᠠᠰᠢᠭᠲᠠᠢ ᠶᠤᠮ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ | ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 80 ᠵᠢᠯ ᠤᠨ ᠣᠶ᠂ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠬᠤ ᠪᠥᠭᠡᠳ | ᠪᠠᠨᠳᠥ᠋ᠩ ᠤᠨ ᠬᠤᠷᠠᠯᠳᠤᠭᠠᠨ ᠬᠤᠷᠠᠯᠳᠤᠭᠰᠠᠨ 70 ᠵᠢᠯ ᠤᠨ ᠣᠶ ᠪᠣᠯᠤᠨ᠎ᠠ᠃ ᠬᠤᠶᠠᠷ ᠲᠠᠯ᠎ᠠ ᠪᠠᠷ ᠢᠶᠠᠨ | ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ ᠪᠠᠨᠳᠦ᠋ᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ | ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ | ᠬᠠᠮᠠᠭᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠠᠬᠢᠭᠤᠯᠤᠶ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ ᠪᠦᠬᠦ ᠪᠥᠮᠪᠥᠷᠴᠡᠭ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠳᠠᠢ | ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠪᠣᠯ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠭᠰᠠᠨ᠂ | ᠠᠯᠳᠠᠷ ᠭᠤᠲᠤᠮᠰᠢᠭ ᠢᠶᠠᠨ ᠬᠠᠮᠲᠤᠳᠬᠠᠭᠰᠠᠨ᠂ ᠭᠠᠰᠠᠯᠠᠩ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ | ᠬᠠᠮᠲᠤ ᠶᠢᠨ ᠴᠣᠭᠴᠠ ᠮᠥᠨ᠃ ︽ᠵᠢᠷᠭᠠᠯ ᠢ ᠬᠠᠮᠳᠤᠳᠠ ᠡᠳ᠋ᠯᠡᠵᠤ ᠵᠣᠪᠠᠯᠠᠩ ᠢ ᠬᠠᠮᠲᠤᠳᠠ ᠲᠤᠭᠤᠯᠬᠤ︾ ᠪᠣᠯ | ᠬᠤᠶᠠᠷ ᠤᠯᠤᠰ ᠤᠨ ᠬᠠᠮᠲᠤ ᠶᠢᠨ ᠵᠦᠢᠷ ᠰᠡᠴᠡᠨ ᠦᠭᠡ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠦᠨᠡᠨ ᠶᠣᠰᠣ ᠶᠢ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ | ᠵᠣᠷᠢᠭᠲᠠᠢ ᠵᠣᠭᠰᠣᠵᠤ᠂ ᠭᠠᠪᠰᠢᠭᠠᠶᠢᠯᠠᠨ ᠲᠡᠮᠡᠴᠡᠵᠦ᠂ ᠬᠦᠭᠵᠢᠭᠰᠡᠨ᠂ ᠪᠤᠵᠠᠭᠠᠶᠢᠷᠠᠭᠰᠠᠨ᠂ ᠴᠡᠴᠡᠭᠯᠡᠨ ᠬᠦᠭᠵᠢᠭᠰᠡᠨ | ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠨᠡᠭᠡᠭᠡᠶ᠎ᠡ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠡᠯ᠎ᠡ ᠤᠯᠤᠰ ᠤᠨ ᠨᠥᠬᠦᠷᠰᠡᠭ ᠬᠠᠮᠲᠤᠷᠠᠯᠴᠠᠭ᠎ᠠ ᠴᠠᠭ ᠦᠶ᠎ᠡ ᠶᠢᠨ | ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠳᠤᠮᠳᠠᠳᠤ ᠤᠯᠤᠰ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠨᠢᠲᠠᠨ ᠤ ᠲᠤᠳᠤᠷ᠎ᠠ ᠬᠠᠮᠤᠭ ᠤᠨ | ᠲᠦᠷᠦᠭᠦᠨ ᠳᠤ ︽ᠵᠡᠭᠦᠨ ᠡᠮᠦᠨᠡᠲᠦ ᠠᠽᠢᠶ᠎ᠠ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠳᠤ ᠣᠷᠣᠯᠴᠠᠵᠤ᠂ | ᠬᠠᠮᠤᠭ ᠤᠨ ᠲᠥᠷᠥᠬᠦᠨ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠴᠢᠯᠥᠭᠡᠲᠦ | ᠠᠷᠠᠯᠵᠢᠶᠠᠨ ᠤ ᠣᠷᠣᠨ ᠪᠣᠯᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ | ᠪᠠᠶᠢᠭᠤᠯᠵᠤ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠬᠠᠮᠲᠤᠷᠠᠯᠴᠠᠭ᠎ᠠ ᠨᠢ ᠣᠷᠣᠨ ᠪᠦᠰᠡ ᠶᠢᠨ ᠬᠠᠮᠲᠤᠷᠠᠯᠴᠠᠭ᠎ᠠ ᠳᠤᠮᠳᠠ ᠬᠠᠮᠤᠭ ᠤᠨ ᠪᠣᠳᠠᠲᠠᠢ ᠶᠢ ᠡᠷᠬᠢᠮᠯᠡᠵᠦ᠂ | ᠬᠠᠮᠤᠭ ᠤᠨ ᠦᠯᠡᠮᠵᠢ ᠦᠷ᠎ᠡ ᠪᠦᠲᠦᠭᠡᠯ ᠤᠯᠪᠠ᠃ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ᠂ ᠤᠯᠠᠨ | ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠵᠡᠷᠭᠡ ᠥᠷᠢᠰᠥᠯᠳᠦᠭᠡᠨ ᠪᠣᠯᠤᠨ ᠠᠵᠤ ᠠᠬᠤᠢ ᠶᠢᠨ ᠳᠡᠯᠡᠬᠡᠶᠢᠵᠢᠯᠲᠡ ᠶᠢᠨ ᠰᠥᠷᠭᠡᠦ ᠤᠷᠤᠰᠬᠠᠯ ᠤᠨ | ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠤᠯᠠᠮ | ᠡᠷᠡᠰ ᠪᠠᠲᠤ ᠪᠣᠯᠪᠠ᠃ 2024 ᠣᠨ ᠳᠤ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠠᠷᠠᠯᠵᠢᠶᠠᠨ ᠤ ᠬᠡᠮᠵᠢᠶ᠎ᠡ 9800 ᠳ᠋ᠦᠩᠰᠢᠭᠤᠷ ᠳ᠋ᠣᠯᠯᠠᠷ ᠢ ᠳᠠᠪᠠᠵᠤ᠂ 5 ᠵᠢᠯ ᠳᠠᠷᠠᠭᠠᠯᠠᠨ | ᠬᠠᠷᠢᠯᠴᠠᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠳᠤᠮᠳᠠᠳᠤ ᠤᠯᠤᠰ - ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ | ᠬᠡᠯᠡᠯᠴᠡᠭᠡ ᠦᠨᠡᠨ ᠪᠣᠳᠠᠲᠠᠢ ᠳᠠᠭᠤᠰᠪᠠ᠃ ᠨᠡᠩ ᠤᠯᠠᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠤᠯᠤᠰ ᠤᠨ ᠰᠢᠯᠢᠳᠡᠭ ᠤᠨᠴᠠᠯᠢᠬᠳᠤ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ | ᠠᠶᠢᠯ ᠡᠷᠦᠬᠡ ᠳᠤ ᠬᠦᠷᠭᠡᠭᠳᠡᠵᠦ᠂ ᠳᠤᠮᠳᠠᠳᠤ ᠤᠯᠤᠰ ᠤᠨ ᠤᠳᠬ᠎ᠠ ᠵᠣᠬᠢᠶᠠᠯ᠂ ᠺᠠᠷᠲ᠋ᠣᠨ ᠵᠢᠷᠤᠭ᠂ ᠺᠢᠨᠣ᠋ | ᠲᠧᠯᠸᠢᠰ ᠤᠨ ᠪᠦᠲᠦᠭᠡᠯ ᠵᠡᠷᠭᠡ ᠲᠠᠰᠤᠷᠠᠯᠳᠠ ᠦᠬᠡᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠤᠯᠤᠰ ᠲᠤ ᠲᠠᠮᠵᠢᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠲᠠᠲᠠᠬᠤ | ᠬᠦᠴᠦᠨ ᠢᠶᠠᠷ ᠪᠢᠯᠬᠠᠬᠰᠠᠨ ᠤᠳᠤ ᠦᠶ᠎ᠡ ᠶᠢᠨ ᠠᠮᠢᠳᠤᠷᠠᠯ ᠤᠨ ᠠᠭᠤᠷ ᠠᠮᠢᠰᠬᠤᠯ ᠢ ᠬᠦᠷᠭᠡᠵᠦ ᠤᠴᠢᠪᠠ᠃ | ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ | ᠲᠡᠮᠵᠢᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠷᠤᠨ ᠪᠦᠰᠡ ᠶᠢᠨ ᠪᠦᠲᠦᠴᠡ | ᠳᠤᠮᠳᠠᠬᠢ ᠭᠤᠤᠯᠯᠠᠬᠤ ᠪᠠᠶᠢᠷᠢ ᠰᠠᠭᠤᠷᠢ ᠶᠢ ᠳᠡᠮᠵᠢᠨ᠎ᠡ᠃ ᠳᠤᠮᠳᠠᠳᠤ ᠤᠯᠤᠰ ᠮᠠᠯᠠᠶᠢᠰᠢᠶ᠎ᠠ ᠶᠢᠨ 2025 ᠣᠨ ᠤ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠮᠠᠯᠠᠶᠢᠰᠢᠶ᠎ᠠ ᠨᠢ ᠳᠤᠮᠳᠠᠳᠤ ᠤᠯᠤᠰ ᠪᠠ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠷᠢᠯᠴᠠᠭ᠎ᠠ ᠶᠢ ᠵᠣᠬᠢᠴᠠᠭᠤᠯᠤᠭᠴᠢ ᠤᠯᠤᠰ | ᠪᠣᠯᠤᠭᠰᠠᠨ ᠤ ᠬᠤᠪᠢ ᠳᠤ ᠬᠦᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠨᠡᠩ ᠰᠠᠶᠢᠳᠦᠷ ᠪᠠᠳᠠᠷᠠᠭᠤᠯᠬᠤ ᠶᠢ | ᠬᠦᠰᠡᠵᠤ ᠪᠠᠶᠢᠨ᠎ᠠ᠃ ᠳᠤᠮᠳᠠᠳᠤ ᠤᠯᠤᠰ ᠤᠳᠤ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠷᠠᠲᠠᠶ᠎ᠠ ᠡᠯ᠎ᠡ ᠤᠯᠤᠰ ᠲᠠᠢ | ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠬᠤ᠂ ᠬᠠᠮᠲᠤ ᠪᠠᠷ ᠴᠡᠴᠡᠭᠯᠡᠨ | ᠬᠥᠭᠵᠢᠬᠦ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ | ᠤᠯᠠᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠲᠠᠯᠳᠠ ᠬᠦᠴᠦᠨ ᠢᠶᠠᠷ ᠶᠡᠭᠡ ᠪᠠᠶᠢᠵᠤ᠂ ᠤᠷᠳᠤ ᠬᠤᠭᠤᠴᠠᠭ᠎ᠠ ᠪᠠᠷ | ᠰᠠᠶᠢᠵᠢᠷᠠᠬᠤ ᠶᠢ ᠲᠤᠯᠭᠠᠭᠤᠷᠢᠯᠠᠬᠤ ᠨᠥᠬᠦᠴᠡᠯ ᠪᠣᠯᠣᠨ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠃ | ᠳᠤᠮᠳᠠᠳᠤ ᠤᠯᠤᠰ 2025 ᠣᠨ ᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% | ᠣᠷᠴᠢᠮ ᠢᠶᠠᠷ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠡᠯ᠎ᠡ ᠤᠯᠤᠰ ᠲᠠᠢ ᠬᠥᠭᠵᠢᠯᠲᠡ ᠶᠢᠨ ᠠᠵᠠ ᠲᠣᠬᠢᠶᠠᠯ ᠢ | ᠬᠠᠮᠲᠤ ᠪᠠᠷ ᠡᠳ᠋ᠯᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠵᠤ ᠠᠬᠤᠢ ᠳᠤ ᠨᠡᠩ ᠤᠯᠠᠨ | ᠲᠣᠭᠲᠠᠪᠤᠷᠢᠲᠤ ᠴᠢᠨᠠᠷ ᠪᠠ ᠲᠣᠭᠲᠠᠭᠠᠯᠲᠦ ᠴᠢᠨᠠᠷ ᠢ ᠨᠡᠮᠡᠷᠢᠯᠡᠬᠦ ᠪᠣᠯᠣᠨ᠎ᠠ᠃ | ᠪᠦᠯᠬᠦᠮᠳᠡᠯ ᠪᠣᠯ ᠳᠠᠷᠤᠢ ᠬᠦᠴᠦᠨ ᠮᠥᠨ᠂ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠴᠢᠳᠠᠨ᠎ᠠ᠃ | ᠳᠤᠮᠳᠠᠳᠤ ᠤᠯᠤᠰ ᠳᠤᠷᠠᠲᠠᠶ᠎ᠠ ᠮᠠᠯᠠᠶᠢᠰᠢᠶ᠎ᠠ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠪᠤᠰᠤᠳ ᠤᠯᠤᠰ ᠤᠳ ᠲᠠᠢ ᠬᠠᠮᠲᠤ ᠪᠠᠷ ᠡᠩᠬᠡ ᠲᠠᠶᠢᠪᠤᠩ ᠪᠣᠯᠣᠨ ᠬᠥᠭᠵᠢᠯᠲᠡ ᠶᠢᠨ ᠲᠡᠦᠬᠡ ᠶᠢᠨ | ᠤᠷᠤᠰᠬᠠᠯ ᠢ ᠲᠠᠭᠠᠵᠤ᠂ ᠭᠠᠵᠠᠷ ᠣᠷᠣᠨ ᠤ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ | ᠤᠷᠤᠰᠬᠠᠯ ᠢ ᠡᠰᠡᠷᠭᠦᠴᠡᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ | ᠰᠢᠪᠲᠤᠯᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠳᠠᠪᠠᠯᠭᠠᠨ ᠢ ᠰᠥᠷᠦᠨ ᠤᠷᠤᠭᠰᠢᠯᠠᠬᠤ ᠶᠢ ᠠᠬᠢᠭᠤᠯᠵᠤ᠂ ᠭᠠᠷ | ᠬᠤᠯᠪᠣᠨ ᠨᠡᠩ ᠨᠢᠭᠲᠠ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | | |