ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ | ᠰᠠᠷ᠎ᠠ ᠶᠢᠨ 15 ᠤ ᠡᠳᠦᠷ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ | ᠴᠢᠬᠤᠯᠠᠴᠢᠯᠠᠬᠤ ᠳᠤ ᠪᠠᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠲᠤᠬᠠᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠭᠠᠳᠠᠭᠠᠳᠤ ᠶᠢᠨ ᠳᠠᠭᠠᠷᠢᠯᠲᠠ ᠠᠴᠠ ᠪᠣᠯᠤᠭᠰᠠᠨ ᠬᠦᠴᠢᠷᠳᠡᠯ ᠪᠠ ᠥᠷᠢᠰᠦᠯᠳᠦᠭᠡᠨ ᠢ ᠯᠠᠪᠳᠠᠭᠤᠨ ᠢᠶᠠᠷ | ᠠᠷᠭᠠᠴᠠᠭᠠᠵᠤ᠂ ᠨᠡᠩ ᠶᠡᠭᠡ ᠡᠷᠴᠢᠮ ᠢᠶᠠᠷ ᠬᠡᠷᠡᠭᠯᠡᠭᠡ ᠶᠢ ᠠᠬᠢᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠵᠦ᠂ ᠮᠠᠨ ᠤ ᠤᠯᠤᠰ ᠤᠨ ᠬᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠤᠯᠠᠮ ᠨᠢᠭᠡ ᠠᠯᠬᠤᠮ | ᠪᠠᠳᠠᠷᠠᠭᠤᠯᠬᠤ ᠬᠡᠷᠡᠭᠲᠡᠢ ᠭᠡᠵᠡᠢ᠃ | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ | ᠪᠣᠯ ᠯᠢ ᠴᠢᠶᠠᠩ ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠤ ᠵᠥᠩ ᠬᠤᠸᠠ ᠬᠠᠩ ᠤᠨ ᠰᠢ ᠳ᠋ᠠᠨ ᠳ᠋ᠠ | ᠶᠤᠸᠠᠢ ᠴᠧᠩ ᠤᠨ ᠳᠡᠯᠭᠡᠨ ᠪᠣᠷᠣᠯᠠᠭᠤᠯᠬᠤ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠭᠠᠳᠠᠭᠠᠳᠤ ᠳᠤ | ᠭᠠᠷᠭᠠᠵᠤ ᠪᠠᠶᠢᠭ᠎ᠠ ᠪᠠ ᠳᠣᠲᠣᠭᠠᠳᠤ ᠳᠤ ᠪᠠᠨ ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠳᠤ | ᠭᠦᠨᠵᠡᠭᠡᠢ ᠬᠤᠪᠢᠷᠠᠯᠲᠠ ᠭᠠᠷᠴᠤ᠂ ᠮᠠᠨ ᠤ ᠤᠯᠤᠰ ᠤᠨ ᠭᠠᠳᠠᠭᠠᠳᠤ ᠭᠠᠷᠭᠠᠯᠲᠠ ᠳᠤ ᠠᠰᠢᠭ ᠦᠭᠡᠢ ᠨᠥᠯᠥᠭᠡ | ᠦᠵᠡᠭᠦᠯᠵᠦ ᠪᠠᠶᠢᠨ᠎ᠠ᠃ ᠤᠯᠠᠨ ᠢᠶᠠᠷ ᠢᠶᠠᠨ ᠪᠦᠯᠬᠦᠮᠳᠡᠨ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠦᠴᠢᠷ ᠪᠡᠷᠬᠡ ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ | ᠢᠳᠡᠪᠬᠢᠲᠡᠢ ᠪᠠᠷ ᠨᠡᠭᠡᠭᠡᠵᠦ᠂ ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠳᠠᠭᠠᠳᠤ | ᠠᠷᠠᠯᠵᠢᠶᠠᠨ ᠤ ᠦᠨᠳᠦᠰᠦᠨ ᠪᠠᠶᠢᠳᠠᠯ ᠢ ᠴᠢᠷᠮᠠᠶᠢᠨ ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ | ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠷᠢᠮᠵᠢᠶ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠢᠶᠠᠷ | ᠳᠣᠲᠣᠭᠠᠳᠤ ᠪᠣᠷᠤᠯᠠᠭᠤᠯᠭ᠎ᠠ ᠶᠢ ᠥᠷᠭᠡᠳᠬᠡᠬᠦ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢ ᠪᠤᠶᠢᠵᠢᠭᠤᠯᠵᠤ᠂ ᠠᠵᠤ ᠠᠬᠤᠶᠢᠯᠠᠯ ᠳᠤ ᠰᠢᠭᠤᠳ | ᠬᠦᠷᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ | ᠨᠡᠩ ᠶᠡᠭᠡ ᠬᠦᠴᠦ ᠣᠷᠣᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠬᠡᠷᠡᠭᠯᠡᠭᠡ ᠶᠢᠨ ᠬᠦᠰᠡᠯᠲᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠤᠨ ᠵᠠᠬ᠎ᠠ ᠳᠡᠯᠭᠡᠭᠦᠷ ᠢ | ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠰᠠᠶᠢᠨ ᠲᠠᠯ᠎ᠠ ᠶᠢᠨ ᠥᠷᠢᠰᠦᠯᠳᠦᠭᠡᠨ ᠢ ᠠᠬᠢᠭᠤᠯᠵᠤ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠲᠠᠯ᠎ᠠ ᠳᠤ ᠪᠠᠨ ᠰᠠᠭᠤᠷᠢᠯᠠᠨ ᠵᠥᠷᠢᠶ᠎ᠡ ᠲᠠᠢ ᠪᠠᠷ | ᠬᠥᠭᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ | ᠳᠠᠮᠵᠢᠭᠤᠯᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠰᠢᠨ᠎ᠡ | ᠬᠡᠷᠡᠭᠴᠡᠭᠡ ᠶᠢ ᠪᠤᠢ ᠪᠣᠯᠭᠠᠬᠤ ᠬᠡᠷᠡᠭᠲᠡᠢ ᠭᠡᠵᠡᠢ᠃ | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ | ᠯᠢ ᠴᠢᠶᠠᠩ ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ | ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠵᠤ ᠳᠠᠬᠢᠨ | ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ | ᠲᠥᠷᠥᠯ ᠵᠦᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠭ᠎ᠠ ᠨᠢ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ | ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ᠂ ᠯᠢ ᠴᠢᠶᠠᠩ ᠪᠡᠭᠡᠵᠢᠩ ᠬᠤᠲᠠ ᠶᠢᠨ ᠦᠯᠡᠳᠡᠭᠡᠯ ᠭᠡᠷ ᠪᠠᠶᠢᠰᠢᠩ ᠢ | ᠭᠦᠢᠯᠭᠡᠭᠡᠨ ᠳᠤ ᠣᠷᠣᠭᠤᠯᠤᠨ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ | ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠥᠯᠢᠭᠡᠷ ᠶᠠᠩᠵᠤᠲᠤ ᠥᠷᠥᠭᠡ ᠪᠠ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠨᠢ ᠪᠠᠶᠢᠴᠠᠭᠠᠨ | ᠦᠵᠡᠵᠦ᠂ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠲᠤᠰᠬᠠᠢ ᠮᠡᠷᠭᠡᠵᠢᠯᠲᠡᠨ ᠯᠦᠭᠡ ᠶᠠᠷᠢᠯᠴᠠᠵᠤ᠂ ᠪᠡᠭᠡᠵᠢᠩ | ᠬᠤᠲᠠ ᠶᠢᠨ ᠬᠠᠮᠢᠶ᠎ᠠ ᠪᠦᠬᠦᠢ ᠠᠷᠭ᠎ᠠ ᠬᠢᠳᠡᠯ ᠢ ᠨᠤᠲᠠᠯᠠᠪᠠ᠃ | | |