ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠨᠤᠮ ᠪᠧᠩ ᠳᠤ ᠬᠦᠷᠴᠦ ᠺᠠᠮᠪᠤᠵᠠ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠺᠠᠮᠪᠤᠵᠠ ᠶᠢᠨ ︽ᠺᠮᠧᠷ ᠤᠨ ᠴᠠᠭ ᠰᠣᠨᠢᠨ︾᠂ ︽ᠺᠠᠮᠪᠤᠵᠠ | ᠳᠤᠮᠳᠠᠳᠤ ᠶᠢᠨ ᠡᠳᠦᠷ ᠤᠨ ᠰᠣᠨᠢᠨ︾ ᠪᠣᠯᠣᠨ ᠺᠠᠮᠪᠤᠵᠠ ᠶᠢᠨ ︽ᠰᠢᠨ᠎ᠡ ᠰᠡᠪᠡᠭᠦᠨ ᠰᠣᠨᠢᠨ ᠮᠡᠳᠡᠭᠡ︾ | ᠰᠦᠯᠵᠢᠶ᠎ᠡ ᠳᠤ ︽ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ | ᠡᠭᠦᠳᠴᠦ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ | ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠥᠭᠡᠳᠡ ᠥᠭᠡᠳᠡ ᠠᠴᠠ ᠪᠠᠨ ᠲᠡᠮᠡᠦᠯᠵᠦ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ | ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ ᠤᠷᠢᠯᠭ᠎ᠠ ᠪᠠᠷ ᠰᠠᠶᠢᠨ | ᠨᠠᠶᠢᠵᠠ ᠶᠢᠨ ᠳᠠᠭᠠᠨ ᠠᠶᠢᠯᠴᠢᠯᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠠᠬ᠎ᠠ ᠳᠡᠭᠦᠦ ᠺᠠᠮᠪᠤᠵᠠ ᠶᠢᠨ | ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ ᠪᠠᠶᠢᠨ᠎ᠠ᠃ ᠡᠨᠡ ᠪᠣᠯ | ᠮᠢᠨᠤ 9 ᠵᠢᠯ ᠤᠨ ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠨᠡ | ᠤᠳᠠᠭ᠎ᠠ ᠶᠢᠨ ᠠᠶᠢᠯᠴᠢᠯᠠᠯᠲᠠ ᠪᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠬᠥᠲᠥᠯᠥᠨ ᠳᠠᠭᠠᠭᠤᠯᠵᠤ ᠶᠢ ᠬᠦᠰᠡᠵᠦ ᠪᠠᠶᠢᠨ᠎ᠠ᠃ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠲᠡᠦᠬᠡ ᠶᠢᠨ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠪᠣᠯᠣᠨ ᠺᠠᠮᠪᠤᠵᠠ ᠶᠢᠨ | ᠭᠠᠵᠠᠷ ᠵᠦᠢ ᠶᠢᠨ ᠪᠠᠶᠢᠷᠢᠯᠠᠯ ᠤᠶᠢᠷᠠᠯᠴᠠᠭ᠎ᠠ ᠪᠠᠶᠢᠵᠤ᠂ ᠨᠥᠭᠦᠷᠰᠡᠭ ᠶᠠᠪᠤᠯᠴᠠᠭ᠎ᠠ ᠶᠢ 2000 ᠰᠢᠬᠠᠮ ᠵᠢᠯ ᠤᠨ | ᠡᠮᠦᠨ᠎ᠡ ᠭᠦᠷᠲᠡᠯ᠎ᠡ ᠮᠥᠷᠳᠡᠵᠦ ᠪᠣᠯᠣᠨ᠎ᠠ᠃ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠳᠤ ᠺᠮᠧᠷ ᠸᠠᠩ ᠤᠨ | ᠤᠭᠰᠠᠭᠠᠨ ᠤ ᠪᠦᠷᠢᠯᠳᠦᠭᠦᠨ ᠳᠤᠮᠳᠠᠳᠤ ᠤᠯᠤᠰ ᠤᠨ ᠴᠠᠩ ᠠᠨ ᠳᠤ ᠠᠶᠢᠯᠴᠢᠯᠠᠵᠤ᠂ ︽ᠪᠢᠨ ᠬᠠᠨ︾ ᠭᠡᠵᠦ | ᠨᠡᠷᠡᠯᠡᠭᠳᠡᠨ ᠬᠦᠨᠳᠦᠳᠬᠡᠭᠳᠡᠪᠡ᠃ ᠲᠡᠷᠡ ᠦᠶ᠎ᠡ ᠠᠴᠠ ᠡᠬᠢᠯᠡᠨ ᠬᠤᠶᠠᠷ ᠤᠯᠤᠰ ᠨᠢᠭᠲᠠ ᠶᠠᠪᠤᠯᠴᠠᠭᠰᠠᠭᠠᠷ ᠢᠷᠡᠵᠡᠢ᠃ | ᠳᠤᠮᠳᠠᠳᠤ ᠤᠯᠤᠰ ᠤᠨ ᠱᠠᠭᠠᠵᠠᠩ ᠡᠳ᠋ᠯᠡᠯ᠂ ᠰᠢᠷᠳᠡᠮᠡᠯ ᠡᠳ᠋ᠯᠡᠯ ᠲᠡᠯᠡᠶ ᠳᠡᠭᠡᠷᠡᠬᠢ ᠲᠣᠷᠭᠠᠨ ᠵᠠᠮ ᠢᠶᠠᠷ ᠺᠠᠮᠪᠤᠵᠠ ᠳᠤ | ᠬᠦᠷᠭᠡᠭᠳᠡᠵᠦ᠂ ᠺᠠᠮᠪᠤᠵᠠ ᠶᠢᠨ ᠦᠨᠦᠷᠲᠦ ᠡᠳ᠋᠂ ᠲᠣᠷᠭ᠎ᠠ ᠶᠢᠨ ᠲᠦᠭᠦᠬᠡᠢ ᠮᠠᠲ᠋ᠧᠷᠢᠶᠠᠯ ᠵᠡᠷᠭᠡ ᠣᠨᠴᠠ ᠭᠠᠷᠤᠯᠲᠠ | ᠳᠤᠮᠳᠠᠳᠤ ᠤᠯᠤᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠵᠤ᠂ ᠪᠠᠶᠤᠨ ᠰᠦᠮ᠎ᠡ ᠶᠢᠨ ᠭᠦᠳᠦᠭᠦᠷ | ᠱᠤᠭᠤᠮᠠᠯ ᠨᠢ ᠲᠡᠦᠬᠡᠨ ᠳᠡᠭᠡᠷᠡᠬᠢ ᠬᠤᠶᠠᠷ ᠤᠯᠤᠰ ᠤᠨ ᠠᠷᠠᠯᠵᠢᠶᠠᠨ ᠤ ᠦᠪᠡᠳᠡᠭᠰᠢ ᠪᠠᠶᠢᠳᠠᠯ ᠢ ᠠᠮᠢᠯᠠᠭᠤᠯᠤᠨ | ᠢᠯᠡᠷᠡᠭᠦᠯᠪᠡ᠃ ᠺᠠᠮᠪᠤᠵᠠ ᠶᠢᠨ ᠣᠯᠠᠨ ᠬᠤᠲᠤᠭᠲᠤ ᠯᠠᠮᠠ ᠳᠤᠮᠳᠠᠳᠤ ᠤᠯᠤᠰ ᠲᠤ ᠬᠦᠷᠴᠦ ᠨᠣᠮ ᠤᠯᠠᠮᠵᠢᠯᠠᠨ | ᠱᠠᠰᠢᠨ ᠳᠡᠯᠭᠡᠷᠡᠭᠦᠯᠵᠦ᠂ ᠳᠤᠮᠳᠠᠳᠤ ᠤᠯᠤᠰ ᠤᠨ ᠶᠤᠸᠠᠨ ᠤᠯᠤᠰ ᠤᠨ ᠵᠧᠦ ᠳ᠋ᠡ ᠭᠤᠸᠠᠨ ᠤ ᠵᠣᠬᠢᠶᠠᠭᠰᠠᠨ ︽ | ᠺᠮᠧᠷ ᠤᠨ ᠨᠤᠲᠤᠭ ᠤᠰᠤᠨ ᠤ ᠲᠡᠮᠳᠡᠭᠯᠡᠯ︾ ᠨᠢ ᠺᠠᠮᠪᠤᠵᠠ ᠶᠢᠨ ᠲᠡᠦᠬᠡ ᠶᠢ ᠰᠤᠳᠤᠯᠬᠤ ᠴᠢᠬᠤᠯᠠ ᠲᠤᠯᠭᠤᠷ ᠪᠢᠴᠢᠭ | ᠪᠣᠯᠤᠭᠰᠠᠨ ᠪᠠᠶᠢᠨ᠎ᠠ᠃ ᠠᠭᠤᠤ ᠶᠡᠭᠡ ᠳᠤᠮᠳᠠᠳᠤ ᠶᠢᠨ ᠪᠣᠯᠪᠠᠰᠤᠨ ᠪᠣᠯᠣᠨ ᠺᠮᠧᠷ ᠤᠨ ᠪᠣᠯᠪᠠᠰᠤᠨ ᠥᠨᠢ ᠤᠳᠠᠭᠠᠨ | ᠲᠡᠦᠬᠡ ᠶᠢᠨ ᠤᠷᠲᠤ ᠠᠶᠠᠨ ᠢ ᠳᠤᠭᠤᠯᠵᠤ᠂ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠵᠢᠷᠤᠮ ᠡᠯᠪᠡᠷᠢᠯ ᠢ ᠬᠦᠨᠳᠦᠳᠬᠡᠬᠦ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠢᠯᠡ ᠲᠣᠳᠣ ᠣᠨᠴᠠᠯᠢᠭ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠠᠶᠢᠳ ᠵᠧᠦ | ᠧᠨ ᠯᠠᠢ ᠵᠡᠷᠭᠡ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ ᠰᠢᠬᠠᠨᠦ᠋ᠺᠧ | ᠴᠢᠨ ᠸᠠᠩ ᠪᠣᠯ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠢ ᠬᠠᠮᠲᠤ ᠪᠠᠷ ᠴᠣᠭᠴᠠᠯᠠᠨ ᠪᠠᠶᠢᠭᠤᠯᠤᠭᠴᠢ | ᠮᠥᠨ᠃ 70 ᠵᠢᠯ ᠤᠨ ᠡᠮᠦᠨ᠎ᠡ ᠰᠢᠬᠠᠨᠥ᠋ᠺᠧ ᠴᠢᠨ ᠸᠠᠩ ᠪᠣᠯᠣᠨ ᠵᠧᠦ ᠧᠨ ᠯᠠᠢ ᠶᠡᠷᠦᠩᠬᠡᠢ ᠰᠠᠶᠢᠳ ᠪᠠᠨᠳᠥ᠋ᠩ ᠤᠨ | ᠬᠤᠷᠠᠯ ᠳᠡᠭᠡᠷ᠎ᠡ ᠠᠭᠤᠯᠵᠠᠮᠠᠭᠴᠠ ᠬᠠᠭᠤᠴᠢᠨ ᠲᠠᠨᠢᠯ ᠮᠡᠲᠦ ᠪᠠᠶᠢᠵᠤ᠂ ᠺᠠᠮᠪᠤᠵᠠ ᠶᠢᠨ ᠬᠢᠨ ᠳᠠᠪᠬᠤᠷ ᠳᠠᠪᠬᠤᠷ | ᠬᠠᠷᠰᠢ ᠰᠠᠭᠠᠳ ᠢ ᠢᠯᠠᠨ ᠳᠠᠪᠠᠵᠤ 1958 ᠣᠨ ᠳᠤ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ | ᠪᠠᠶᠢᠭᠤᠯᠵᠤ᠂ ᠳᠤᠮᠳᠠᠳᠤ ᠤᠯᠤᠰ ᠤᠨ ᠬᠢᠨ ᠺᠠᠮᠪᠤᠵᠠ ᠶᠢᠨ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠬᠦ᠂ | ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠪᠦᠭᠦ | ᠬᠦᠴᠦ ᠪᠠᠷ ᠢᠶᠠᠨ ᠳᠡᠮᠵᠢᠪᠡ᠃ ᠬᠤᠶᠠᠷ ᠲᠠᠯ᠎ᠠ ᠢᠶᠠᠨ ᠬᠠᠮᠤᠭ ᠠᠴᠠ ᠪᠠᠴᠢᠮ ᠬᠠᠪᠰᠤᠷᠤᠯᠭ᠎ᠠ ᠬᠦᠰᠡᠭᠰᠡᠨ ᠴᠠᠭ | ᠮᠥᠴᠡ ᠳᠤ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠ᠃ | ᠰᠢᠬᠠᠨᠦ᠋ᠺᠧ ᠴᠢᠨ ᠸᠠᠩ ᠳᠤᠮᠳᠠᠳᠤ ᠤᠯᠤᠰ ᠲᠤ 40 ᠰᠢᠬᠠᠮ ᠵᠢᠯ ᠠᠮᠢᠳᠤᠷᠠᠵᠤ᠂ ᠳᠤᠮᠳᠠᠳᠤ ᠤᠯᠤᠰ ᠢ ᠬᠤᠶᠠᠳᠠᠭᠢ | ᠨᠤᠲᠤᠭ ᠢᠶᠠᠷ ᠦᠵᠡᠵᠦ᠂ ᠲᠡᠭᠦᠨ ᠤ ᠵᠣᠬᠢᠶᠠᠨ ᠪᠦᠲᠦᠭᠡᠭᠰᠡᠨ ︽ᠳᠤᠮᠳᠠᠳᠤ ᠤᠯᠤᠰ ᠢ ᠳᠤᠷᠠᠰᠤᠨ ᠰᠠᠨᠠᠭᠠᠯᠵᠠᠬᠤᠢ︾ | ᠵᠡᠷᠭᠡ ᠳᠤᠮᠳᠠᠳᠤ ᠺᠠᠮᠪᠤᠵᠠ ᠶᠢᠨ ᠨᠥᠬᠦᠷᠯᠡᠯ ᠢ ᠮᠠᠭᠲᠠᠨ ᠳᠠᠭᠤᠯᠠᠭᠰᠠᠨ ᠳᠠᠭᠤᠤ ᠨᠢ ᠤᠳᠤ ᠪᠤᠯᠲᠠᠯ᠎ᠠ | ᠤᠯᠠᠮᠵᠢᠯᠠᠭᠳᠠᠭᠰᠠᠭᠠᠷ ᠪᠠᠶᠢᠨ᠎ᠠ᠃ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠵᠢᠯ ᠪᠦᠷᠢ | ᠳᠤᠮᠳᠠᠳᠤ ᠤᠯᠤᠰ ᠲᠤ ᠢᠷᠡᠳᠡᠭ ᠪᠥᠭᠡᠳ ᠪᠢ ᠬᠤᠶᠠᠷ ᠬᠠᠭᠠᠨᠲᠠᠨ ᠲᠠᠢ ᠣᠯᠠᠨ ᠤᠳᠠᠭ᠎ᠠ ᠠᠭᠤᠯᠵᠠᠵᠤ ᠵᠣᠭᠤᠭ | ᠳᠡᠯᠭᠡᠪᠡ᠃ 2020 ᠣᠨ ᠳᠤ ᠪᠢ ᠸᠠᠩ ᠤᠨ ᠡᠬᠡ ᠮᠤᠨᠢᠯᠢᠶᠧ ᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠪᠠ᠃ ᠡᠨᠡ ᠬᠦ ᠬᠦᠨᠳᠦ ᠶᠢᠨ ᠵᠢᠩ ᠲᠠᠢ ᠭᠠᠪᠢᠶᠠᠨ | ᠲᠡᠮᠳᠡᠭ ᠨᠢ ᠳᠤᠮᠳᠠᠳᠤ ᠤᠯᠤᠰ ᠤᠨ ᠠᠷᠠᠳ ᠲᠦᠮᠡᠨ ᠤ ᠺᠠᠮᠪᠤᠵᠠ ᠶᠢᠨ ᠠᠷᠠᠳ ᠲᠦᠮᠡᠨ ᠯᠦᠭᠡ ᠶᠢᠨ ᠭᠦᠨ ᠵᠤᠵᠠᠭᠠᠨ | ᠨᠥᠬᠦᠷᠯᠡᠯ ᠢ ᠲᠥᠯᠥᠭᠡᠯᠡᠵᠦ ᠪᠠᠶᠢᠨ᠎ᠠ᠃ ᠡᠷᠡᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ ᠲᠤᠬᠠᠢ ᠶᠢᠨ | ᠦᠶ᠎ᠡ ᠳᠤ ᠲᠡᠷᠢᠭᠦᠨ ᠰᠠᠶᠢᠳ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠩᠰᠧᠨ ᠰᠠᠯᠬᠢ ᠰᠢᠭᠤᠷᠭᠠᠨ ᠢ ᠰᠥᠷᠦᠨ | ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠣᠯᠠᠨ ᠡᠮᠴᠢᠯᠡᠭᠡᠨ ᠤ ᠠᠩᠭᠢ ᠲᠣᠮᠢᠯᠠᠨ ᠺᠠᠮᠪᠤᠵᠠ ᠶᠢ | ᠲᠤᠰᠠᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠶᠡᠭᠡ ᠬᠡᠮᠵᠢᠶᠡᠨ ᠤ ᠡᠮᠴᠢᠯᠡᠭᠡᠨ ᠤ ᠡᠳ᠋ ᠪᠣᠳᠠᠰ ᠬᠠᠩᠭᠠᠪᠠ᠃ | ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠡᠮᠦᠨ᠎ᠡ ᠬᠤᠶᠠᠷ ᠲᠠᠯ᠎ᠠ ᠪᠠᠷ ᠢᠶᠠᠨ | ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠤ᠂ ᠭᠠᠷ ᠬᠤᠯᠪᠣᠨ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠺᠠᠮᠪᠤᠵᠠ ᠶᠢᠨ ᠬᠠᠳᠠᠨ ᠪᠠᠲᠤ | ᠨᠥᠬᠦᠷᠯᠡᠯ ᠢ ᠪᠠᠶᠢᠭᠤᠯᠪᠠ᠃ | ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠷᠳᠤ ᠬᠤᠭᠤᠴᠠᠭᠠᠨ ᠤ | ᠲᠤᠷᠰᠢ ᠺᠠᠮᠪᠤᠵᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠤᠯᠤᠰ ᠪᠠ ᠬᠠᠮᠤᠭ ᠤᠨ ᠶᠡᠭᠡ ᠪᠡᠯᠡ | ᠣᠷᠣᠭᠤᠯᠤᠯᠲᠠ ᠶᠢᠨ ᠢᠷᠡᠯᠲᠡ ᠶᠢᠨ ᠤᠯᠤᠰ ᠪᠠᠶᠢᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠳᠤᠮᠳᠠᠳᠤ ᠺᠠᠮᠪᠤᠵᠠ ᠶᠢᠨ | ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠠᠵᠠ ᠳᠤᠭᠢᠶᠠᠯ ᠢ ᠠᠮᠵᠢᠭᠤᠯᠤᠨ ᠪᠠᠨᠠᠨᠠ᠂ ᠠᠪᠠᠷᠠᠶ᠂ ᠯᠣᠣ ᠶᠢᠨ ᠨᠢᠳᠦᠨ | ᠬᠤᠰᠢᠭᠤᠲᠤ ᠲᠠᠷᠴᠠ ᠵᠡᠷᠭᠡ ᠺᠠᠮᠪᠤᠵᠠ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ | ᠲᠦᠭ ᠲᠦᠮᠡᠨ ᠠᠶᠢᠯ ᠡᠷᠦᠭᠡ ᠳᠤ ᠣᠷᠣᠪᠠ᠃ ᠳᠤᠮᠳᠠᠳᠤ ᠺᠠᠮᠪᠤᠵᠠ ᠶᠢᠨ ᠬᠠᠮᠲᠤᠷᠠᠨ ᠨᠡᠭᠡᠭᠡᠨ ᠬᠥᠭᠵᠢᠭᠦᠯᠦᠭᠰᠡᠨ | ᠰᠢᠬᠠᠨᠦ᠋ᠺᠧ ᠭᠠᠷᠠᠮ ᠤᠨ ᠠᠵᠤ ᠠᠬᠤᠢ ᠶᠢᠨ ᠣᠨᠴᠠᠭᠠᠢ ᠣᠷᠣᠨ ᠤᠯᠠᠨ ᠤᠯᠤᠰ ᠤᠨ 200 ᠭᠠᠷᠤᠢ ᠠᠵᠤ | ᠠᠬᠤᠶᠢᠯᠠᠯ ᠢ ᠲᠡᠳᠡᠨ ᠠᠪᠴᠢᠷᠠᠵᠤ ᠨᠤᠲᠤᠭᠰᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢ ᠶᠢᠨ | ᠣᠳᠣᠬᠢᠴᠢᠯᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠺᠠᠮᠪᠤᠵᠠ ᠶᠢᠨ ᠠᠩᠬᠠᠳᠠᠭᠴᠢ ᠵᠤᠷᠪᠤᠰ | ᠲᠦᠷᠭᠡᠨ ᠤ ᠵᠠᠰᠠᠮᠠᠯ ᠵᠠᠮ᠂ ᠠᠩᠬᠠᠳᠠᠭᠴᠢ ᠠᠭᠤᠯᠠᠨ ᠨᠢᠷᠤᠭᠤ ᠰᠤᠨᠳᠠᠯᠠᠭᠰᠠᠨ ᠬᠥᠭᠦᠷᠭᠡ᠂ ᠨᠢᠭᠡᠳᠦᠭᠡᠷ ᠲᠣᠮᠣ | ᠴᠠᠭᠢᠯᠭᠠᠨ ᠦᠷᠳᠡᠭᠡ᠂ ᠬᠠᠮᠤᠭ ᠤᠨ ᠲᠣᠮᠣ ᠪᠡᠶ᠎ᠡ ᠶᠢᠨ ᠲᠠᠮᠢᠷ ᠤᠨ ᠣᠷᠳᠣᠨ ᠵᠡᠷᠭᠡ ᠳᠤᠮᠳᠠᠳᠤ ᠤᠯᠤᠰ ᠤᠨ ᠲᠡᠮᠵᠢᠨ | ᠪᠠᠶᠢᠭᠤᠯᠤᠭᠰᠠᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠨᠢ ᠺᠠᠮᠪᠤᠵᠠ ᠶᠢᠨ ᠠᠷᠠᠳ ᠤᠯᠠᠨ ᠳᠤ ᠦᠨᠡᠨ | ᠪᠣᠳᠠᠲᠠᠢ ᠠᠰᠢᠭ ᠬᠦᠷᠲᠡᠭᠡᠵᠦ᠂ ᠺᠠᠮᠪᠤᠵᠠ ᠶᠢᠨ ᠠᠯᠤᠰ ᠭᠡᠳᠤ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠨ ᠪᠠᠰᠠ ᠺᠠᠮᠪᠤᠵᠠ ᠶᠢᠨ ᠡᠯ᠎ᠡ ᠮᠤᠵᠢ | ᠬᠤᠳᠠ ᠪᠠᠷ ᠬᠦᠷᠴᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠪᠠ᠃ ᠳᠤᠮᠳᠠᠳᠤ ᠺᠠᠮᠪᠤᠵᠠ ᠶᠢᠨ ︽ᠠᠯᠮᠠᠰ | ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠨᠢ ᠺᠠᠮᠪᠤᠵᠠ ᠶᠢᠨ ᠬᠥᠭᠵᠢᠯᠲᠡ ᠶᠢ ᠠᠬᠢᠭᠤᠯᠪᠠ᠃ | ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠭᠦᠨ ᠵᠤᠵᠠᠭᠠᠨ ᠣᠣᠷ ᠲᠤᠨᠳᠠᠰᠤ ᠮᠥᠨ᠃ ᠳᠤᠮᠳᠠᠳᠤ ᠤᠯᠤᠰ ᠶᠡᠭᠡ ᠬᠡᠮᠵᠢᠶᠡᠨ ᠤ ᠬᠠᠭᠤᠴᠢ | ᠰᠤᠳᠤᠯᠤᠯ ᠤᠨ ᠰᠤᠳᠤᠯᠭᠠᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠣᠶᠣᠯ ᠲᠡᠦᠬᠡ᠂ ᠪᠠᠷᠢᠯᠭ᠎ᠠ ᠶᠢᠨ | ᠤᠷᠠᠯᠢᠭ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠲᠣᠮᠢᠯᠠᠨ ᠺᠠᠮᠪᠤᠵᠠ ᠳᠤ 30 ᠰᠢᠬᠠᠮ ᠵᠢᠯ ᠰᠠᠭᠤᠯᠭᠠᠵᠤ᠂ | ᠤᠷᠢᠳ ᠬᠤᠵᠢᠳ ᠵᠧᠦ ᠰᠠ ᠰᠠᠬᠢᠭᠤᠯᠰᠤᠨ ᠤ ᠰᠦᠮ᠎ᠡ᠂ ᠴᠠ ᠵᠢᠶᠣᠣ ᠰᠧ ᠰᠦᠮ᠎ᠡ᠂ ᠠᠩᠺᠤᠷ ᠸᠠᠩ ᠤᠨ | ᠣᠷᠳᠣᠨ ᠤ ᠪᠠᠭᠤᠷᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠠᠩᠺᠤᠷ ᠤᠨ ᠡᠷᠲᠡᠨ ᠤ ᠦᠯᠡᠳᠡᠭᠳᠡᠯ | ᠭᠡᠬᠦ ᠡᠨᠡ ᠬᠦ ᠬᠥᠮᠥᠨ ᠲᠥᠷᠥᠯᠬᠢᠲᠡᠨ ᠤ ᠪᠣᠯᠪᠠᠰᠤᠨ ᠤ ᠦᠨᠡᠲᠦ ᠡᠷᠳᠡᠨᠢ ᠶᠢᠨ ᠤᠤᠯ ᠤᠨ ᠴᠤᠭ ᠭᠢᠯᠪᠠᠭ᠎ᠠ ᠶᠢ | ᠰᠡᠷᠭᠦᠭᠡᠭᠰᠡᠨ ᠪᠠᠶᠢᠨ᠎ᠠ᠃ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠠᠳ ᠺᠠᠮᠪᠤᠵᠠ ᠳᠤ ᠬᠦᠷᠴᠦ᠂ ᠭᠦᠨ | ᠵᠤᠵᠠᠭᠠᠨ ᠲᠡᠦᠬᠡ ᠰᠣᠶᠣᠯ ᠢ ᠣᠶᠢᠯᠠᠭᠠᠳᠠᠭ ᠪᠣᠯᠪᠠ᠃ ᠺᠠᠮᠪᠤᠵᠠ ᠶᠢᠨ ᠨᠡᠩ ᠤᠯᠠᠨ ᠨᠠᠶᠢᠵᠠ ᠨᠠᠷ ᠬᠢᠲᠠᠳ ᠭᠡᠯᠡ | ᠰᠤᠷᠴᠤ᠂ ᠡᠷᠲᠡᠨ ᠤ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠭᠠᠶᠢᠬᠠᠮᠰᠢᠭ ᠢ ᠣᠶᠢᠯᠠᠭᠠᠬᠤ ᠪᠣᠯᠪᠠ᠃ ᠡᠳᠡᠭᠡᠷ ᠵᠢᠯ ᠤᠳ ᠲᠤ ᠳᠤᠮᠳᠠᠳᠤ ᠤᠯᠤᠰ ᠺᠠᠮᠪᠤᠵᠠ ᠳᠤ ︽ᠨᠥᠬᠦᠷᠯᠡᠯ ᠤᠨ | ᠵᠠᠮ︾ ᠢ ᠳᠡᠪᠢᠰᠴᠦ᠂ ︽ᠵᠣᠯ ᠵᠢᠷᠭᠠᠯ ᠤᠨ ᠪᠤᠯᠠᠭ︾ ᠢ ᠮᠠᠯᠲᠠᠵᠤ ᠥᠭᠭᠦᠨ᠂ ᠳᠤᠮᠳᠠᠳᠤ ᠺᠠᠮᠪᠤᠵᠠ ᠶᠢᠨ ᠨᠥᠭᠦᠷᠰᠡᠭ | ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠭᠦ ᠲᠣᠰᠬᠤᠨ ᠢ ᠪᠠᠶᠢᠭᠤᠯᠪᠠ᠃ ᠺᠠᠮᠪᠤᠵᠠ ᠳᠤ ᠲᠣᠮᠢᠯᠠᠭᠰᠠᠨ ᠬᠢᠲᠠᠳ | ᠡᠮᠨᠡᠯᠭᠡ ᠶᠢᠨ ᠡᠮᠴᠢᠯᠡᠭᠡᠨ ᠤ ᠠᠩᠭᠢ ᠶᠢᠨ ᠬᠢᠨ ᠰᠣᠨᠣᠷ ᠤᠨ ᠰᠠᠭᠠᠳ ᠲᠠᠢ ᠬᠡᠦᠬᠡᠨ ᠢ ᠠᠩᠬ᠎ᠠ ᠭᠡᠯᠡ ᠳᠤ | ᠣᠷᠣᠭᠤᠯᠤᠨ ︽ᠡᠵᠢ︾ ᠬᠡᠮᠡᠨ ᠳᠠᠭᠤᠳᠠᠭᠤᠯᠵᠤ᠂ ᠣᠷᠳᠣ ᠬᠤᠭᠤᠴᠠᠭ᠎ᠠ ᠪᠠᠷ ᠬᠦᠷᠳᠦᠲᠦ ᠰᠠᠨᠳᠠᠯᠢ ᠳᠤ ᠲᠦᠰᠢᠭᠯᠡᠨ | ᠶᠠᠪᠤᠵᠤ ᠰᠠᠭᠤᠵᠤ ᠪᠠᠶᠢᠭᠰᠠᠨ ᠡᠪᠡᠳᠴᠢᠲᠡᠨ ᠢ ᠪᠣᠰᠴᠤ ᠵᠣᠭᠰᠣᠭᠠᠵᠠᠢ᠃ | ᠣᠶᠢᠷ᠎ᠠ ᠶᠢᠨ ᠬᠠᠭᠠᠰ ᠵᠠᠭᠤᠨ ᠤ ᠲᠤᠷᠰᠢ ᠠᠽᠢᠶ᠎ᠠ ᠲᠢᠪ ᠶᠡᠷᠦᠩᠬᠡᠢ ᠳᠡᠭᠡᠨ ᠡᠩᠬᠡ ᠲᠠᠶᠢᠪᠤᠩ ᠲᠣᠭᠲᠠᠭᠤᠨ | ᠪᠠᠶᠢᠳᠠᠯ ᠢᠶᠠᠨ ᠪᠠᠲᠤᠯᠠᠵᠤ᠂ ᠠᠵᠤ ᠠᠬᠤᠢ ᠨᠢ ᠲᠦᠷᠭᠡᠨ ᠨᠡᠮᠡᠭᠳᠡᠵᠦ᠂ ᠳᠡᠯᠡᠬᠡᠢ ᠶᠢᠨ ᠬᠥᠭᠵᠢᠯᠲᠡ ᠶᠢᠨ ᠲᠡᠦᠬᠡᠨ | ᠳᠡᠭᠡᠷᠡᠬᠢ ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠪᠡ᠃ ᠣᠳᠣᠬᠠᠨ ᠤ ᠳᠡᠯᠡᠬᠡᠢ ᠶᠢᠷᠲᠢᠨᠴᠦ ᠳᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠶᠠᠭ ᠪᠦᠬᠦᠯᠢ | ᠴᠣᠭᠴᠠ ᠶᠢᠨ ᠬᠥᠭᠵᠢᠯ ᠮᠠᠨᠳᠤᠯ ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠶᠢᠨ᠎ᠠ᠃ ᠳᠤᠮᠳᠠᠳᠤ | ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ | ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ | ᠦᠷᠭᠦᠯᠵᠢᠯᠡᠨ ᠪᠠᠷᠢᠮᠲᠠᠯᠠᠵᠤ᠂ ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠮᠵᠢ ᠶᠢ ᠬᠥᠷᠰᠢ | ᠵᠡᠷᠭᠡᠯᠡᠳᠡᠭᠡ ᠤᠯᠤᠰ ᠲᠤ ᠨᠡᠩ ᠤᠯᠠᠨ ᠬᠦᠷᠲᠡᠭᠡᠵᠦ᠂ ᠭᠠᠵᠠᠷ ᠣᠷᠣᠨ ᠤ ᠡᠩᠬᠡ ᠲᠠᠶᠢᠪᠤᠩ ᠪᠠ ᠲᠣᠭᠲᠠᠭᠤᠨ ᠢ | ᠬᠠᠮᠲᠤ ᠪᠠᠷ ᠬᠠᠮᠠᠭᠠᠯᠠᠨ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ ᠠᠬᠢᠭᠤᠯᠤᠨ᠎ᠠ᠃ | ᠠᠽᠢᠶ᠎ᠠ ᠲᠢᠪ ᠤᠨ ᠲᠣᠮᠣ ᠭᠡᠷ ᠪᠦᠯᠢ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ | ᠺᠠᠮᠪᠤᠵᠠ ᠬᠤᠶᠠᠷ ᠤᠯᠤᠰ ᠲᠡᠦᠬᠡ ᠶᠢᠨ ᠤᠷᠤᠰᠬᠠᠯ ᠳᠤ ᠵᠣᠬᠢᠴᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ | ᠬᠠᠷᠢᠭᠤᠯᠲᠠ ᠥᠭᠴᠦ᠂ ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠳᠡᠮᠵᠢᠯᠴᠡᠵᠦ ᠠᠮᠵᠢᠯᠲᠠ | ᠪᠦᠳᠦᠮᠵᠢ ᠡᠭᠦᠳᠴᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ | ᠬᠤᠰᠢᠭᠤᠴᠢ ᠪᠠ ᠵᠢᠱᠢᠶ᠎ᠡ ᠦᠵᠡᠭᠦᠯᠦᠭᠴᠢ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃ | — ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ | ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ | ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠶᠢ ᠪᠠᠷᠢᠮᠲᠠᠯᠠᠶ᠎ᠠ᠃ ᠳᠤᠮᠳᠠᠳᠤ ᠤᠯᠤᠰ | ᠺᠠᠮᠪᠤᠵᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ | ᠮᠡᠳᠡᠨ ᠰᠣᠩᠭᠤᠬᠤ᠂ ᠤᠯᠤᠰ ᠤᠨ ᠢᠶᠠᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ | ᠪᠦᠲᠦᠨ ᠪᠠᠶᠢᠬᠤ ᠪᠠᠨ ᠬᠠᠮᠠᠭᠠᠯᠠᠬᠤ᠂ ᠤᠯᠠᠨ ᠤᠯᠤᠰ ᠤᠨ ᠲᠠᠪᠴᠠᠩ ᠳᠤ ᠨᠡᠩ ᠶᠡᠭᠡ ᠦᠢᠯᠡᠳᠦᠯ ᠦᠵᠡᠭᠦᠯᠭᠦ ᠶᠢ | ᠡᠷᠡᠰ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ | ᠵᠡᠷᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠶᠢᠨ ᠬᠦᠴᠦᠨ ᠤ ᠳᠣᠲᠣᠭᠠᠳᠤ | ᠶᠠᠪᠤᠳᠠᠯ ᠳᠤ ᠭᠠᠷ ᠲᠦᠷᠦᠭᠦ᠂ ᠬᠤᠳᠬᠤᠨ ᠵᠠᠪᠰᠠᠷᠳᠠᠭᠤᠯᠬᠤ᠂ ᠳᠤᠮᠳᠠᠳᠤ ᠺᠠᠮᠪᠤᠵᠠ ᠶᠢᠨ ᠨᠥᠬᠦᠷᠯᠡᠯ ᠢ ᠡᠪᠳᠡᠬᠦ ᠶᠢ | ᠡᠷᠡᠰ ᠡᠰᠡᠷᠭᠦᠴᠡᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ | — ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠬᠥᠭᠵᠢᠯᠲᠡ ᠶᠢ | ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠺᠠᠮᠪᠤᠵᠠ ᠶᠢᠨ | ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢᠨ ᠦᠢᠯᠡᠳᠦᠯ ᠢ | ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ | ᠺᠠᠮᠪᠤᠵᠠ ᠶᠢᠨ ︽ᠲᠠᠪᠤᠨ ᠥᠨᠴᠥᠭᠲᠦ ᠪᠠᠶᠢᠯᠳᠤᠬᠤ ᠪᠣᠳᠣᠯᠭ᠎ᠠ︾ ᠲᠠᠢ ᠵᠣᠯᠭᠠᠭᠤᠯᠬᠤ ᠶᠢ ᠠᠬᠢᠭᠤᠯᠵᠤ᠂ ︽ᠠᠵᠤ | ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠲᠤ ᠪᠠᠷ | ᠬᠠᠮᠠᠭᠠᠯᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ | ᠲᠡᠷᠢᠭᠦᠨ ᠤ ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠶᠢ | ᠨᠡᠩ ᠭᠡᠷᠡᠯ ᠰᠠᠴᠤᠷᠠᠩᠭᠤᠢ ᠪᠠᠲᠤ ᠪᠠᠬᠢ ᠪᠤᠯᠭᠠᠵᠤ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ | ᠨᠡᠮᠡᠷᠢᠯᠡᠶ᠎ᠡ᠃ | — ᠨᠡᠩ ᠥᠨᠳᠥᠷ ᠲᠡᠰ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠲᠤ ᠪᠠᠶᠢᠭᠤᠯᠤᠶ᠎ᠠ᠃ ᠭᠠᠷ | ᠲᠦᠷᠦᠭᠦ ᠶᠢ ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ︽ᠥᠩᠭᠡ ᠶᠢᠨ ᠬᠤᠪᠢᠰᠬᠠᠯ︾ ᠢ ᠰᠡᠷᠭᠡᠶᠢᠯᠡᠨ | ᠬᠤᠷᠢᠭᠯᠠᠬᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ | ᠪᠣᠯᠪᠠᠰᠤᠷᠠᠯ᠂ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠬᠤ ᠠᠮᠤᠷ ᠲᠦᠪᠰᠢᠨ ᠤ | ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ | ᠥᠭᠴᠦ᠂ ᠬᠤᠶᠠᠷ ᠤᠯᠤᠰ ᠤᠨ ᠬᠥᠭᠵᠢᠯᠲᠡ ᠳᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠤᠯᠭᠠᠵᠤ | ᠥᠭᠭᠦᠶ᠎ᠡ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ | ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠠᠬᠢᠭᠤᠯᠤᠶ᠎ᠠ᠃ | — ᠨᠡᠩ ᠥᠨᠳᠥᠷ ᠳᠠᠪᠲᠠᠮᠵᠢ ᠪᠦᠬᠦᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠨᠠᠶᠢᠷᠲᠠᠢ ᠬᠠᠮᠲᠤ ᠪᠠᠷ ᠣᠷᠣᠰᠢᠬᠤ ᠶᠢ ᠪᠠᠷᠢᠮᠲᠠᠯᠠᠵᠤ᠂ ᠪᠣᠯᠪᠠᠰᠤᠨ ᠤ | ᠨᠡᠪᠲᠡᠷᠡᠯᠴᠡᠭᠡ ᠶᠠᠷᠢᠯᠴᠠᠭ᠎ᠠ ᠶᠢ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠶᠠᠩᠵᠤ ᠭᠡᠯᠪᠡᠷᠢ ᠶᠢᠨ ᠰᠣᠶᠣᠯ ᠵᠢᠭᠤᠯᠴᠢᠯᠠᠯ᠂ ᠥᠪ ᠬᠥᠷᠥᠩᠭᠡ ᠶᠢ | ᠬᠠᠮᠠᠭᠠᠯᠠᠨ ᠰᠡᠷᠭᠦᠭᠡᠬᠦ᠂ ᠵᠠᠯᠠᠭᠤᠴᠤᠳ ᠤᠨ ᠶᠠᠪᠤᠯᠴᠠᠭ᠎ᠠ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠠᠽᠢᠶ᠎ᠠ ᠲᠢᠪ ᠤᠨ ᠦᠷᠳᠡᠭ ᠤᠨ ᠦᠵᠡᠯᠲᠡ ᠪᠠ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠬᠠᠮᠲᠤ ᠪᠠᠷ ᠪᠠᠳᠠᠷᠠᠭᠤᠯᠤᠶ᠎ᠠ᠃ | — ᠨᠡᠩ ᠥᠨᠳᠥᠷ ᠪᠠᠷᠢᠮᠵᠢᠶᠠᠲᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠶ᠎ᠠ᠃ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠠᠴᠠ ᠤᠶᠤᠨ | ᠤᠬᠠᠭᠠᠨ ᠬᠦᠷᠲᠡᠵᠦ᠂ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠬᠠᠨᠳᠤᠭᠤᠯᠤᠭᠰᠠᠨ ᠯᠠᠨᠼᠠᠩᠵᠢᠶᠠᠩ | ᠮᠥᠷᠡᠨ ᠮᠸᠢᠢᠭᠤᠩ ᠮᠥᠷᠡᠨ ᠤ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ | ᠪᠠᠶᠢᠭᠤᠯᠵᠤ᠂ ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠯ ᠬᠥᠭᠵᠢᠯ ᠦᠵᠡᠰᠬᠦᠯᠡᠩᠲᠦ ᠰᠠᠶᠢᠬᠠᠨ᠂ | ᠨᠥᠭᠦᠷᠰᠡᠭ ᠢᠶᠠᠷ ᠬᠠᠮᠲᠤ ᠣᠷᠣᠰᠢᠬᠤ ᠠᠽᠢᠶ᠎ᠠ ᠲᠢᠪ ᠤᠨ ᠭᠡᠷ ᠣᠷᠣᠨ ᠢ ᠭᠠᠷ ᠬᠤᠯᠪᠣᠨ ᠪᠦᠲᠦᠭᠡᠨ ᠪᠠᠶᠢᠭᠤᠯᠤᠶ᠎ᠠ᠃ | ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ᠂ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ | ᠬᠤᠶᠠᠷ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ | ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠬᠦᠴᠦᠯᠡᠵᠦ᠂ ᠬᠠᠮᠠᠭᠠᠯᠠᠬᠤ ᠦᠵᠡᠯ ᠢ | ᠬᠠᠮᠲᠤ ᠪᠠᠷ ᠡᠰᠡᠷᠭᠦᠴᠡᠨ ᠬᠤᠷᠢᠭᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ | ᠲᠣᠭᠤᠷᠢᠨ ᠢ ᠬᠠᠮᠠᠭᠠᠯᠠᠶ᠎ᠠ᠃ | ︽ᠬᠠᠭᠤᠴᠢᠨ ᠨᠥᠬᠦᠷᠯᠡᠯ ᠰᠢᠵᠢᠷ ᠠᠯᠳᠠ ᠮᠡᠲᠦ᠂ ᠵᠠᠭᠤᠨᠲᠠ ᠬᠠᠶᠢᠯᠤᠭᠤᠯᠤᠭᠰᠠᠨ ᠴᠦ ᠥᠩᠭᠡ ᠨᠢ ᠬᠤᠪᠢᠷᠠᠬᠤ | ᠦᠭᠡᠢ︾᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠣᠨ ᠰᠠᠷ᠎ᠠ ᠶᠢᠨ ᠳᠠᠪᠲᠠᠯᠲᠠ ᠪᠣᠯᠣᠨ ᠰᠠᠯᠬᠢ | ᠪᠣᠷᠣᠭᠠᠨ ᠤ ᠰᠢᠯᠭᠠᠯᠲᠠ ᠶᠢ ᠥᠩᠭᠡᠷᠡᠭᠡᠭᠰᠡᠨ ᠳᠤᠮᠳᠠᠳᠤ ᠺᠠᠮᠪᠤᠵᠠ ᠶᠢᠨ ᠪᠣᠯᠣᠳ ᠮᠡᠲᠦ ᠪᠠᠲᠤ ᠨᠥᠬᠦᠷᠯᠡᠯ ᠯᠠᠪᠲᠠᠢ | ᠤᠭ ᠰᠠᠨᠠᠭ᠎ᠠ ᠪᠠᠲᠤ ᠪᠠᠬᠢ᠂ ᠴᠢᠨᠠᠷ ᠡᠭᠦᠷᠢᠳᠡ ᠬᠤᠪᠢᠷᠠᠬᠤ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ | ᠳᠤᠮᠳᠠᠳᠤ ᠤᠯᠤᠰ ᠳᠤᠷᠠᠲᠠᠶ᠎ᠠ ᠺᠠᠮᠪᠤᠵᠠ ᠲᠠᠢ ᠬᠠᠮᠲᠤ ᠪᠠᠷ ᠡᠩᠬᠡ ᠲᠠᠶᠢᠪᠤᠩ ᠢ ᠬᠠᠮᠲᠤ ᠪᠠᠷ ᠰᠠᠬᠢᠵᠤ᠂ | ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠥᠭᠵᠢᠯ ᠴᠡᠴᠡᠭᠯᠡᠯ ᠢ ᠬᠠᠮᠲᠤ ᠪᠠᠷ ᠡᠭᠦᠳᠴᠦ᠂ ᠰᠢᠨ᠎ᠡ ᠴᠠᠭ | ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠤᠷᠪᠠᠭᠠᠨ ᠬᠥᠷᠪᠡᠭᠡᠨ ᠲᠠᠢ ᠬᠤᠪᠢᠰᠤᠨ ᠰᠣᠯᠪᠢᠴᠠᠭᠰᠠᠨ ᠳᠡᠯᠡᠬᠡᠢ ᠶᠢᠷᠲᠢᠨᠴᠦ ᠳᠤ | ᠨᠡᠩ ᠤᠯᠠᠨ ᠲᠣᠭᠲᠠᠪᠤᠷᠢᠲᠤ ᠴᠢᠨᠠᠷ ᠪᠠ ᠲᠤᠬᠲᠠᠭᠠᠯᠲᠦ ᠴᠢᠨᠠᠷ ᠢ ᠨᠡᠮᠡᠷᠢᠯᠡᠨ᠎ᠡ᠃ | | |