ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠤᠰᠬᠠᠢ ᠠᠩᠭᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠠᠪᠠᠷ ᠦᠢᠯᠡᠴᠢᠯᠡᠬᠦ ᠤᠬᠠᠮᠰᠠᠷ ᠢᠶᠠᠨ | ᠴᠢᠩᠭᠠᠳᠬᠠᠵᠤ᠂ ᠬᠠᠪᠰᠤᠷᠤᠨ ᠭᠦᠢᠴᠡᠳᠬᠡᠬᠦ ᠲᠤᠰᠬᠠᠢ ᠲᠤᠰᠢᠶᠠᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠬᠠᠪᠰᠤᠷᠤᠨ | ᠡᠷᠭᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠤᠰᠬᠠᠶ ᠠᠩᠭᠢ ᠨᠢᠭᠡᠨᠲᠡ ᠰᠢᠨ ᠺᠦᠨ ᠮᠠᠭᠨᠢ ᠶᠢᠨ ᠰᠢᠨ᠎ᠡ | ᠡᠨᠧᠷᠭᠢ ᠶᠢᠨ ᠲᠥᠪᠯᠡᠷᠡᠩᠭᠦᠶ ᠮᠠᠶ᠋ᠢᠭ ᠤᠨ ᠲᠦᠷᠭᠡᠨ ᠴᠠᠬᠢᠯᠭᠠᠨ ᠴᠡᠨᠡᠭᠯᠡᠬᠦ ᠥᠷᠲᠡᠭᠡ ᠶᠢᠨ ᠲᠥᠷᠥᠯ ᠵᠦᠢᠯ᠂ ᠰᠢᠨ | ᠬᠠᠶ ᠣᠯᠠᠨ ᠤᠯᠤᠰ ᠤᠨ ᠵᠢᠵᠢᠭ ᠲᠣᠭᠤᠷᠢᠭ ᠤᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ | ᠤᠶᠤᠨᠴᠢᠯᠠᠭᠰᠠᠨ 5G ᠮᠠᠰᠢᠨ ᠲᠡᠷᠭᠡᠨ ᠤ ᠥᠷᠲᠡᠭᠡ ᠶᠢᠨ ᠲᠥᠷᠥᠯ ᠵᠦᠢᠯ᠂ ᠴᠧᠩ ᠳ᠋ᠡ · ᠰᠢ ᠶᠦᠨ ᠲᠥᠷᠥᠯ | ᠵᠦᠢᠯ ᠵᠡᠷᠭᠡ 17 ᠭᠤᠤᠯᠳᠠᠯᠭ᠎ᠠ ᠲᠠᠢ ᠲᠥᠷᠥᠯ ᠵᠦᠢᠯ ᠢ ᠮᠡᠳᠡᠭᠦᠯᠦᠨ ᠪᠠᠶᠢᠭᠤᠯᠬᠤ᠂ ᠲᠥᠷᠥᠯ ᠵᠦᠢᠯ ᠲᠣᠭᠲᠠᠭᠠᠬᠤ᠂ | ᠭᠠᠵᠠᠷ ᠬᠡᠷᠡᠭᠯᠡᠬᠦ ᠲᠥᠯᠥᠪᠵᠢᠭᠦᠯᠭᠡ᠂ ᠪᠠᠷᠢᠯᠭ᠎ᠠ ᠶᠢᠨ ᠲᠥᠯᠥᠪᠵᠢᠭᠦᠯᠭᠡ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ | ᠭᠠᠷᠳᠠᠮ ᠢ ᠭᠦᠢᠴᠡᠳᠬᠡᠬᠦ ᠳᠤ ᠬᠦᠴᠦᠨ ᠨᠡᠮᠡᠷᠢᠯᠡᠪᠡ᠃ | |