ᠡᠨᠡ ᠵᠢᠯ᠂ ᠬᠤᠷᠴᠢᠨ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯᠴᠢ ᠬᠢᠴᠢᠶᠡᠩᠭᠦᠢ ᠪᠠᠷ | ᠵᠠᠰᠠᠭ ᠪᠠᠷᠢᠬᠤ ᠶᠢ ᠥᠨᠳᠥᠷ ᠪᠦᠲᠦᠮᠵᠢᠲᠡᠢ ᠪᠠᠶᠢᠯᠭᠠᠬᠤ ᠵᠡᠷᠭᠡ ᠲᠠᠯ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠪᠠ᠃ ᠬᠤᠷᠴᠢᠨ ᠲᠣᠭᠤᠷᠢᠭ ᠤᠨ ᠬᠢᠨ ᠬᠠᠤᠯᠢ ᠬᠡᠷᠡᠭᠵᠢᠭᠦᠯᠬᠦ | ᠦᠨᠡᠮᠯᠡᠯ ᠤᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠲᠤᠰᠬᠠᠢ ᠵᠦᠢᠯ ᠤᠨ ᠪᠠᠶᠢᠴᠠᠭᠠᠯᠲᠠ ᠶᠢ | ᠥᠷᠨᠢᠭᠦᠯᠵᠦ᠂ ᠠᠵᠢᠯ ᠤᠨ ᠪᠠᠶᠢᠷᠢ ᠳᠤ ᠪᠠᠶᠢᠬᠤ ᠦᠭᠡᠢ᠂ ᠣᠷᠣᠨ ᠲᠤᠭ᠎ᠠ ᠪᠠᠶᠢᠬᠤ ᠦᠭᠡᠢ ᠵᠢᠴᠢ ᠦᠨᠡᠮᠯᠡᠯ ᠤᠨ | ᠬᠤᠭᠤᠴᠠᠭ᠎ᠠ ᠨᠢ ᠥᠩᠭᠡᠷᠡᠭᠰᠡᠨ 16 ᠬᠥᠮᠥᠨ ᠢ ᠢᠯᠭᠠᠷᠠᠭᠤᠯᠤᠨ ᠪᠤᠴᠠᠭᠠᠵᠤ᠂ 37 ᠬᠠᠤᠯᠢ ᠬᠡᠷᠡᠭᠵᠢᠭᠦᠯᠬᠦ | ᠨᠢᠭᠡᠴᠡ ᠶᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠬᠤᠯᠪᠣᠭᠳᠠᠭᠰᠠᠨ ᠪᠣᠯᠪᠠᠰᠤᠷᠠᠯ ᠢ ᠥᠷᠨᠢᠭᠦᠯᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ 86 ᠠᠰᠠᠭᠤᠳᠠᠯ ᠢ ᠰᠢᠢᠳᠪᠦᠷᠢᠯᠡᠨ ᠳᠠᠭᠤᠰᠬᠠᠵᠤ᠂ ᠤᠯᠠᠨ | ᠲᠦᠮᠡᠨ ᠤ ᠪᠠᠴᠢᠮ ᠪᠡᠷᠬᠡ ᠵᠦᠢᠯᠡᠰ ᠢ 16 ᠰᠢᠢᠳᠪᠦᠷᠢᠯᠡᠪᠡ᠃ ︽ᠴᠢᠬᠡᠴᠢ ᠰᠤᠷᠲᠠᠯ ᠤᠨ ᠴᠣᠩᠬᠤᠪᠴᠢ︾ ᠶᠢᠨ | ᠺᠠᠳ᠋ᠷ 22 ᠬᠥᠮᠦᠨ᠂ ︽ᠨᠢᠭᠡ ᠶᠠᠪᠤᠳᠠᠯ︾ ᠤᠨ ᠲᠤᠰᠬᠠᠶ ᠴᠣᠩᠬᠤ ᠪᠠᠷ ᠰᠢᠢᠳᠪᠦᠷᠢᠯᠡᠭᠰᠡᠨ ᠬᠡᠷᠡᠭ 100 | ᠬᠤᠪᠢ ᠶᠢ ᠳᠠᠪᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶ᠋ᠴᠡᠳᠬᠡᠬᠦ︾ ᠲᠠᠪᠴᠠᠩ ᠳᠤ 11352 | ᠬᠤᠪᠢ ᠶᠢ ᠨᠢ ᠰᠢᠢᠳᠪᠦᠷᠢᠯᠡᠵᠦ ᠳᠠᠭᠤᠰᠬᠠᠪᠠ᠃ | |