ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠤᠰᠬᠠᠢ ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠶᠢᠨ ᠤᠷᠢᠯᠭ᠎ᠠ ᠪᠠᠷ | ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ | | | | ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ | ᠰᠢᠬᠠᠮᠦᠨᠢ ᠶᠢᠨ ᠤᠷᠢᠯᠭ᠎ᠠ ᠪᠠᠷ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠤᠯᠤᠰ ᠤᠨ ᠸᠠᠩ | ᠰᠢᠬᠠᠮᠦᠨᠢ ᠰᠢᠶᠠᠺᠠᠫᠧᠩ ᠴᠢᠨ ᠸᠠᠩ᠂ ᠠᠯᠤᠨ ᠭᠦᠩᠵᠦ ᠵᠡᠷᠭᠡ ᠸᠠᠩ ᠤᠨ ᠤᠭᠰᠠᠭᠠᠨ ᠤ ᠪᠦᠷᠢᠯᠳᠦᠭᠦᠨ᠂ | ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ᠂ ᠤᠯᠤᠰ ᠤᠨ ᠬᠤᠷᠠᠯ ᠤᠨ | ᠨᠢᠭᠡᠳᠦᠭᠡᠷ ᠳᠡᠳ᠋ ᠲᠡᠷᠢᠭᠦᠯᠡᠭᠴᠢ ᠴᠢᠶᠠᠨᠶᠧ ᠵᠢᠴᠢ ᠭᠦᠸᠧᠰᠥ᠋ᠸᠧᠫᠠ᠂ ᠪᠦᠯᠠᠰᠥ᠋ᠤᠤᠺᠦ᠋ᠨ᠂ ᠬᠠᠨᠴᠦᠨᠨᠠᠷᠤ᠋᠂ | ᠱᠣᠣᠰᠦ᠋ᠸᠧᠺᠠ᠂ ᠬᠤᠩᠮᠠᠨᠠᠢ ᠵᠡᠷᠭᠡ ᠲᠠᠪᠤᠨ ᠳᠡᠳ᠋ ᠲᠡᠷᠢᠭᠦᠨ ᠰᠠᠶᠢᠳ ᠢ ᠳᠠᠭᠠᠭᠤᠯᠤᠨ ᠨᠢᠰᠬᠡᠯ ᠤᠨ ᠪᠠᠭᠤᠳᠠᠯ ᠳᠤ | ᠬᠠᠯᠠᠭᠤᠨ ᠢᠶᠠᠷ ᠤᠭᠲᠤᠪᠠ᠃ ᠵᠢᠷᠤᠭ ᠪᠣᠯ ᠰᠢ ᠶᠢᠨ ᠫᠢᠩ ᠰᠢᠬᠠᠮᠤᠨᠢ ᠲᠠᠢ ᠳᠣᠲᠣᠨᠣᠰᠤᠭ ᠢᠶᠠᠷ ᠭᠠᠷ ᠠᠳᠬᠤᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ | ᠬᠦᠷᠬᠦ ᠦᠶ᠎ᠡ ᠳᠤ ᠤᠯᠤᠰ ᠤᠨ ᠸᠠᠩ ᠰᠢᠬᠠᠮᠦᠨᠢ ᠰᠢᠶᠠᠺᠠᠫᠧᠩ ᠴᠢᠨ ᠸᠠᠩ᠂ ᠠᠯᠤᠨ ᠭᠦᠩᠵᠦ ᠵᠡᠷᠭᠡ ᠸᠠᠩ ᠤᠨ | ᠤᠭᠰᠠᠭᠠᠨ ᠤ ᠪᠦᠷᠢᠯᠳᠦᠭᠦᠨ᠂ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ | ᠬᠤᠩᠰᠧᠨ᠂ ᠤᠯᠤᠰ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠴᠢᠶᠠᠨᠶᠧ ᠵᠢᠴᠢ ᠭᠦᠸᠧᠰᠥ᠋ᠸᠧᠫᠠ᠂ | ᠪᠦᠯᠠᠰᠥ᠋ᠤᠤᠺᠦ᠋ᠨ᠂ ᠬᠠᠨᠴᠦᠨᠨᠠᠷᠤ᠋᠂ ᠱᠣᠣᠰᠦ᠋ᠸᠧᠺᠠ᠂ ᠬᠤᠩᠮᠠᠨᠠᠢ ᠵᠡᠷᠭᠡ ᠲᠠᠪᠤᠨ ᠳᠡᠳ᠋ ᠲᠡᠷᠢᠭᠦᠨ ᠰᠠᠶᠢᠳ ᠢ | ᠳᠠᠭᠠᠭᠤᠯᠤᠨ ᠨᠢᠰᠬᠡᠯ ᠤᠨ ᠪᠠᠭᠤᠳᠠᠯ ᠳᠤ ᠢᠷᠡᠵᠤ ᠬᠠᠯᠠᠭᠤᠨ ᠢᠶᠠᠷ ᠤᠭᠲᠤᠪᠠ᠃ ᠶᠣᠰᠣᠯᠠᠯ ᠤᠨ ᠴᠡᠷᠢᠭ ᠤᠯᠠᠭᠠᠨ | ᠬᠡᠪᠢᠰ ᠤᠨ ᠬᠤᠶᠠᠷ ᠲᠠᠯ᠎ᠠ ᠪᠠᠷ ᠵᠢᠭᠰᠠᠪᠠ᠃ ᠺᠠᠮᠪᠤᠵᠠ ᠶᠢᠨ ᠸᠠᠩ ᠤᠨ ᠤᠭᠰᠠᠭ᠎ᠠ ᠶᠢᠨ ᠵᠧᠨᠨᠠ ᠭᠦᠩᠵᠦ ᠰᠢ ᠶᠢᠨ | ᠫᠢᠩ ᠳᠤ ᠮᠡᠯᠡᠷᠡᠭ ᠴᠡᠴᠡᠭ ᠤᠨ ᠪᠠᠭᠤᠪᠴᠢ ᠬᠦᠷᠭᠡᠵᠦ᠂ ᠵᠠᠯᠠᠭᠤ ᠡᠮᠡᠭᠲᠡᠢ ᠵᠠᠮ ᠳᠠᠭᠠᠤ ᠤᠯᠠᠭᠠᠨ ᠬᠡᠪᠢᠰ ᠳᠡᠭᠡᠷ᠎ᠡ | ᠴᠡᠴᠡᠭ ᠤᠨ ᠬᠡᠯᠲᠡᠰ ᠰᠠᠴᠤᠪᠠ᠃ | ᠰᠢᠬᠠᠮᠦᠨᠢ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ | ᠶᠠᠪᠤᠭᠤᠯᠪᠠ᠃ | | | | ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠨᠤᠮ ᠪᠧᠩ ᠳᠤ ᠬᠦᠷᠴᠦ᠂ ᠺᠠᠮᠪᠤᠵᠠ ᠶᠢᠨ ᠤᠯᠤᠰ ᠤᠨ ᠸᠠᠩ | ᠰᠢᠬᠠᠮᠦᠨᠢ ᠶᠢᠨ ᠤᠷᠢᠯᠭ᠎ᠠ ᠪᠠᠷ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠰᠢᠬᠠᠮᠦᠨᠢ | ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠵᠢᠷᠤᠭ ᠪᠣᠯ | ᠰᠢ ᠶᠢᠨ ᠫᠢᠩ ᠰᠢᠬᠠᠮᠦᠨᠢ ᠶᠢᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ | ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ | ᠪᠦᠯᠭᠦᠮ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ | ᠰᠢᠬᠠᠮᠦᠨᠢ ᠶᠢᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ | ᠲᠡᠷᠢᠭᠦᠨ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠪᠡ᠃ | ᠲᠤᠬᠠᠢ ᠶᠢᠨ ᠭᠠᠵᠠᠷ ᠤᠨ ᠬᠡᠳᠦᠨ ᠵᠠᠭᠤᠨ ᠠᠷᠠᠳ ᠤᠯᠠᠨ ᠬᠤᠶᠠᠷ ᠤᠯᠤᠰ ᠤᠨ ᠲᠤᠭ ᠢ ᠬᠤᠷᠦ᠋ᠢᠯᠠᠵᠤ | ᠂ ︽ᠺᠠᠮᠪᠤᠵᠠ ᠳᠤᠮᠳᠠᠳᠤ ᠶᠢᠨ ᠨᠥᠬᠦᠷᠯᠡᠯ᠂ ᠪᠦᠯᠬᠦᠮᠳᠡᠯ᠂ ᠬᠠᠮᠲᠤᠷᠠᠯᠴᠠᠭ᠎ᠠ ᠮᠠᠨᠳᠤᠲᠤᠭᠠᠢ︕︾ ᠵᠡᠷᠭᠡ ᠤᠯᠠᠭᠠᠨ | ᠬᠥᠨᠳᠡᠯᠡᠨ ᠪᠢᠴᠢᠭᠡᠰᠦ ᠶᠢ ᠡᠷᠭᠦᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠺᠠᠮᠪᠤᠵᠠ ᠶᠢᠨ ᠤᠯᠠᠮᠵᠢᠯᠠᠯᠲᠤ ᠰᠢᠨ᠎ᠡ | ᠵᠢᠯ ᠬᠦᠷᠴᠦ ᠢᠷᠡᠬᠦ ᠲᠠᠰᠢᠷᠠᠮ ᠢᠶᠠᠷ ᠺᠠᠮᠪᠤᠵᠠ ᠶᠢᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠳᠤ ᠰᠢᠨ᠎ᠡ | ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠶᠢ ᠬᠤᠶᠠᠷ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠥᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠤ᠂ ᠨᠠᠷᠢᠨ ᠨᠢᠮᠪᠠᠢ ᠬᠥᠭᠵᠢᠭᠦᠯᠦᠨ | ᠬᠠᠮᠠᠭᠠᠯᠠᠵᠤ᠂ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ᠂ ᠢᠮᠠᠭᠲᠠ | ᠬᠠᠳᠠ ᠴᠢᠯᠠᠭᠤ ᠮᠡᠲᠦ ᠪᠠᠲᠤ ᠪᠠᠬᠢ ᠪᠠᠶᠢᠨ᠎ᠠ᠃ ᠬᠤᠶᠠᠷ ᠤᠯᠤᠰ ᠢᠶᠠᠷ ᠢᠶᠠᠨ ᠡᠩ ᠲᠡᠷᠢᠭᠦᠨ ᠳᠤ ᠬᠤᠶᠠᠷ ᠲᠠᠯ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠩ ᠲᠡᠷᠢᠭᠦᠨ ᠳᠤ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠥᠷᠨᠢᠭᠦᠯᠵᠦ᠂ ᠲᠣᠰ ᠲᠣᠰ ᠤᠨ ᠤᠯᠤᠰ ᠤᠨ ᠢᠶᠠᠨ | ᠲᠣᠭᠲᠠᠭᠤᠨ ᠢ ᠬᠠᠮᠠᠭᠠᠯᠠᠬᠤ᠂ ᠬᠥᠭᠵᠢᠯ ᠴᠡᠴᠡᠭᠯᠡᠯ ᠢ ᠠᠬᠢᠭᠤᠯᠬᠤ ᠦᠢᠯᠡᠰ ᠳᠤᠮᠳᠠ ᠬᠠᠷᠢᠯᠴᠠᠨ ᠳᠡᠮᠵᠢᠵᠦ᠂ | ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠲᠡᠮᠡᠴᠡᠯ ᠳᠤᠮᠳᠠ ᠪᠦᠯᠬᠦᠮᠳᠡᠨ ᠬᠠᠮᠵᠢᠯᠴᠠᠵᠤ᠂ | ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠳᠤ ᠬᠡᠪ ᠳᠠᠭᠤᠷᠢᠶᠠᠯ ᠦᠵᠡᠭᠦᠯᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠬᠤᠪᠢ | ᠨᠡᠮᠡᠷᠢ ᠦᠵᠡᠭᠦᠯᠪᠡ᠃ ᠪᠢ ᠺᠠᠮᠪᠤᠵᠠ ᠶᠢᠨ ᠤᠳᠤᠷᠢᠳᠬᠤ ᠬᠥᠮᠥᠰ ᠲᠠᠢ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ | ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠳᠤᠮᠳᠠᠳᠤ ᠺᠠᠮᠪᠤᠵᠠ ᠶᠢᠨ ︽ᠠᠯᠮᠠᠰ ᠵᠢᠷᠭᠤᠭᠠᠨ ᠲᠠᠯ᠎ᠠ︾ ᠶᠢᠨ | ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ | ᠦᠢᠯᠡᠳᠴᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠨᠡᠩ ᠤᠯᠠᠨ | ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ | ᠭᠦᠷᠪᠡ᠃ | ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠪᠢᠨ ᠪᠠᠰᠠ | ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ ᠵᠣᠴᠢᠳ ᠤᠨ | ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠳᠤᠮᠳᠠᠳᠤ ᠺᠠᠮᠪᠤᠵᠠ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ | ᠠᠶ᠎ᠠ ᠪᠠᠷ ᠨᠠᠮᠢᠷᠠᠨ᠎ᠠ᠃ ᠲᠤᠬᠠᠢ ᠶᠢᠨ ᠭᠠᠵᠠᠷ ᠤᠨ ᠬᠤᠶᠠᠷ ᠲᠦᠮᠡ ᠭᠠᠷᠤᠢ ᠠᠷᠠᠳ ᠤᠯᠠᠨ ᠵᠢᠴᠢ ᠳᠤᠮᠳᠠᠳᠤ ᠶᠢᠨ | ᠬᠠᠷᠢᠶᠠᠲᠤ ᠳᠤᠮᠳᠠᠳᠤᠴᠤᠳ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ | ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠡᠭᠡᠯᠢ ᠶᠢᠨ ᠬᠤᠶᠠᠷ ᠲᠠᠯ᠎ᠠ ᠳᠤ ᠬᠤᠷᠠᠨ ᠴᠤᠭᠯᠠᠷᠠᠵᠤ᠂ ᠳᠤᠮᠳᠠᠳᠤ | ᠺᠠᠮᠪᠤᠵᠠ ᠶᠢᠨ ᠤᠯᠤᠰ ᠤᠨ ᠲᠤᠭ ᠢ ᠬᠤᠷᠦ᠋ᠢᠯᠠᠵᠤ᠂ ᠬᠤᠶᠠᠷ ᠤᠯᠤᠰ ᠤᠨ ᠤᠳᠤᠷᠢᠳᠬᠤ ᠬᠥᠮᠥᠨ ᠤ ᠭᠡᠷᠡᠯ ᠵᠢᠷᠤᠭ ᠢ | ᠠᠳᠬᠤᠵᠤ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | |