ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
       ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠪᠠ ᠠᠵᠤ ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ᠡᠬᠡ ᠲᠥᠰᠥᠯ︶︾ ᠶᠢ ᠶᠠᠷᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃       ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠳᠤ ᠬᠠᠨᠳᠤᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠪᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠬᠡᠷᠡᠭᠯᠡᠭᠡ ᠶᠢ ᠠᠬᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ᠂ ᠠᠵᠢᠯ ᠣᠯᠭᠤᠯᠲᠠ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠥᠭᠵᠢᠯᠲᠡ ᠶᠢ ᠲᠣᠭᠲᠠᠪᠤᠷᠢᠵᠢᠭᠤᠯᠵᠤ᠂ ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠠᠬᠢ ᠳᠠᠬᠢᠨᠲᠠ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠦᠷᠡᠵᠢᠯ᠂ ᠰᠣᠶᠣᠯ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠮᠡᠭᠴᠡ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠭᠠᠵᠤ᠂ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃       ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠣᠯᠵᠠᠢ᠂ ᠨᠢᠭᠡ ᠠᠴᠠ ᠨᠥᠭᠦᠭᠡ ᠶᠢ ᠵᠦᠢᠴᠢᠯᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠳᠤ ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠬᠡᠯᠬᠢᠶ᠎ᠡ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠮᠤᠷ ᠲᠦᠪᠰᠢᠨ ᠮᠥᠷᠲᠡᠭᠡᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠴᠢᠬᠤᠯᠠᠴᠢᠯᠠᠵᠤ᠂ ᠬᠢᠨᠠᠨ ᠬᠠᠮᠢᠶᠠᠷᠬᠤ ᠶᠢᠨ ᠤᠷᠢᠳᠴᠢᠯᠠᠨ ᠮᠡᠳᠡᠬᠦ ᠴᠢᠨᠠᠷ᠂ ᠣᠨᠣᠴᠠᠲᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠡᠢ᠃       ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃   
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号