ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ | 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠯᠢᠰ · ᠺᠯᠣᠲ᠋ᠧᠯ · ᠣᠣᠯᠢᠵᠢ · ᠡᠸ᠋ᠨᠭᠦ᠋ᠢᠮᠠ ᠳᠤ | ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠪᠤᠨ ᠤᠯᠤᠰ ᠤᠨ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠬᠦᠷᠰᠡᠭ ᠬᠠᠷᠢᠴᠠᠭ᠎ᠠ ᠲᠠᠢ | ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ | ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ | ᠳᠡᠮᠵᠢᠯᠴᠡᠪᠡ᠃ ᠪᠢ ᠳᠤᠮᠳᠠᠳᠤ ᠤᠯᠤᠰ ᠭᠠᠪᠤᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠡᠸ᠋ᠨᠭᠦ᠋ᠢᠮᠠ ᠲᠠᠢ ᠬᠠᠮᠲᠤ ᠪᠠᠷ | ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ | ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | |