ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠨᠦᠸᠧᠶᠠ ᠶᠢᠨ ᠡᠺᠦ᠋ᠸᠠᠳᠣᠷ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/4/22
       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠠᠨᠨᠢᠷ · ᠨᠦᠸᠧᠶᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃       ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ ᠳᠤᠮᠳᠠᠳᠤ ᠡᠺᠦ᠋ᠸᠠᠳᠣᠷ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠣᠢ ᠪᠣᠯᠣᠨ᠎ᠠ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃       ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠢᠩᠲ᠋ᠦ᠋ᠸᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃ 
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号