4 ᠳ᠋ᠦ᠋ᠭᠡᠷ ᠰᠠᠷ᠎ᠠ ᠶᠢᠨ 21 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ | ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠦᠢᠯᠡᠴᠢᠯᠡᠭᠡᠨ ᠤ ᠦᠢᠯᠡᠰ ᠤᠨ | ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠬᠤ | ᠲᠥᠰᠥᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠨᠢᠭᠡ ᠳᠤ᠂ ᠭᠤᠣᠯᠳᠠᠯᠭ᠎ᠠ ᠪᠣᠯᠬᠤ ᠠᠵᠢᠯ ᠤᠨ ᠬᠦᠷᠢᠶᠡᠨ ᠳᠠᠬᠢ ᠨᠡᠭᠡᠭᠡᠯᠲᠡ ᠶᠢ ᠠᠬᠢᠭᠤᠯᠤᠨ᠎ᠠ | ᠴᠠᠬᠢᠯᠭᠠᠨ ᠬᠤᠯᠪᠣᠭᠠᠨ ᠤ ᠬᠦᠷᠢᠶᠡᠨ ᠳᠤ᠂ ᠬᠡᠷᠡᠭᠯᠡᠯᠲᠡ ᠶᠢᠨ ᠳᠡᠯᠭᠡᠭᠦᠷ᠂ ᠢᠨᠲ᠋ᠧᠷ ᠰᠦᠯᠵᠢᠶᠡᠨ ᠳᠤ | ᠵᠠᠯᠭᠠᠨ ᠣᠷᠣᠭᠤᠯᠬᠤ ᠵᠡᠷᠭᠡ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠭᠠᠳᠠᠭᠠᠳᠤ ᠪᠡᠯᠡ ᠶᠢᠨ | ᠡᠵᠡᠯᠡᠬᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠴᠤᠴᠠᠯᠬᠤ ᠵᠡᠷᠭᠡ ᠲᠤᠷᠰᠢᠯᠲᠠ ᠶᠢᠨ ᠴᠡᠭ ᠤᠨ ᠡᠭᠦᠷᠭᠡ ᠶᠢ | ᠳᠤᠷᠠᠳᠪᠠ᠃ | ᠡᠮᠴᠢᠯᠡᠭᠡᠨ ᠤ ᠬᠦᠷᠢᠶᠡᠨ ᠳᠤ᠂ ᠭᠠᠳᠠᠭᠠᠳᠤ ᠶᠢᠨ ᠬᠠᠷᠢᠶᠠᠲᠤ ᠡᠮᠴᠢ ᠨᠠᠷ ᠤᠨ ᠡᠮᠴᠢᠯᠡᠭᠡᠨ ᠤ ᠭᠠᠵᠠᠷ | ᠪᠠᠶᠢᠭᠤᠯᠬᠤ ᠶᠢ ᠳᠡᠮᠵᠢᠬᠦ︔ ᠬᠢᠯᠢ ᠶᠢᠨ ᠭᠠᠳᠠᠨᠠᠬᠢ ᠡᠮᠴᠢᠯᠡᠭᠡᠨ ᠤ ᠲᠤᠰᠬᠠᠢ ᠮᠡᠷᠭᠡᠵᠢᠯᠲᠡᠨ ᠣᠬᠤᠷ ᠬᠤᠭᠤᠴᠠᠭ᠎ᠠ ᠪᠠᠷ | ᠠᠵᠢᠯ ᠡᠷᠬᠢᠯᠡᠬᠦ︔ ᠪᠡᠯᠡ ᠮᠥᠩᠭᠦ ᠬᠠᠨᠳᠢᠪᠯᠡᠬᠤ ᠠᠷᠭ᠎ᠠ ᠮᠠᠶ᠋ᠢᠭ ᠢᠶᠠᠷ ᠠᠰᠢᠭ ᠬᠤᠨᠵᠢᠪᠤᠷᠢ ᠶᠢᠨ ᠪᠤᠰᠤ ᠡᠮᠴᠢᠯᠡᠭᠡᠨ ᠤ | ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠥᠪᠰᠢᠶᠡᠷᠡᠬᠦ︔ ᠬᠤᠪᠣᠷ | ᠲᠣᠬᠢᠶᠠᠯᠳᠤᠬᠤ ᠡᠪᠡᠳᠴᠢᠨ ᠤ ᠡᠮ ᠤᠨ ᠵᠦᠢᠯ ᠢ ᠭᠠᠳᠠᠭᠠᠳᠤ ᠠᠴᠠ ᠣᠷᠣᠭᠤᠯᠬᠤ ᠶᠢ ᠰᠤᠭᠤᠴᠢᠨ ᠪᠠᠶᠢᠴᠠᠭᠠᠬᠤ ᠬᠡᠪ | ᠵᠠᠭᠪᠤᠷ ᠢ ᠰᠦᠪᠡᠭᠴᠢᠯᠡᠨ ᠰᠢᠯᠢᠳᠡᠭᠵᠢᠭᠦᠯᠬᠦ ᠵᠡᠷᠭᠡ ᠶᠢ ᠳᠤᠷᠠᠳᠪᠠ᠃ | ᠮᠥᠩᠭᠦᠨ ᠭᠦᠢᠯᠭᠡᠭᠡᠨ ᠤ ᠬᠦᠷᠢᠶᠡᠨ ᠳᠤ᠂ ᠤᠯᠠᠨ ᠤᠯᠤᠰ ᠤᠨ ᠪᠠᠲᠤᠯᠠᠨ ᠬᠠᠮᠢᠶᠠᠷᠬᠤ ᠲᠤᠬᠠᠶᠢᠯᠠᠭᠰᠠᠨ | ᠠᠵᠢᠯ ᠢ ᠰᠦᠪᠡᠭᠴᠢᠯᠡᠨ ᠬᠥᠭᠵᠢᠭᠦᠯᠬᠦ ᠶᠢ ᠳᠡᠮᠵᠢᠬᠦ︔ ᠢᠲᠡᠭᠡᠮᠵᠢ ᠶᠢᠨ ᠲᠠᠰ ᠲᠣᠭᠲᠠᠭᠠᠬᠤ | ᠪᠠᠶᠢᠭᠤᠯᠤᠮᠵᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ ᠶᠢᠨ ᠲᠠᠰ ᠲᠣᠭᠲᠠᠭᠠᠬᠤ ᠦᠢᠯᠡᠴᠢᠯᠡᠭᠡ | ᠥᠷᠨᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ | ᠺᠣᠮᠫᠠᠨᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠵᠡᠷᠭᠡ ᠶᠢ ᠳᠤᠷᠠᠳᠪᠠ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠤ᠂ ᠭᠠᠳᠠᠭᠠᠳᠤ ᠶᠢᠨ | ᠬᠤᠳᠠᠯᠳᠤᠭᠠᠴᠢᠨ ᠵᠢᠭᠤᠯᠴᠢᠯᠠᠯ ᠤᠨ ᠺᠣᠮᠫᠠᠨᠢ ᠳᠤ ᠪᠡᠯᠡ ᠣᠷᠣᠭᠤᠯᠤᠨ ᠬᠢᠯᠢ ᠠᠴᠠ ᠭᠠᠷᠴᠤ ᠵᠢᠭᠤᠯᠴᠢᠯᠠᠬᠤ | ᠲᠤᠬᠠᠶᠢᠯᠠᠭᠰᠠᠨ ᠠᠵᠢᠯ ᠡᠵᠡᠩᠨᠡᠬᠦ ᠶᠢ ᠨᠢ ᠵᠥᠪᠰᠢᠶᠡᠷᠡᠨ᠎ᠡ︔ ᠲᠢᠶᠠᠨᠵᠢᠨ ᠳᠤ ᠤᠯᠠᠮᠵᠢᠯᠠᠯᠲᠤ ᠰᠣᠩᠭᠤᠳᠠᠭ ᠮᠠᠰᠢᠨ | ᠲᠡᠷᠭᠡᠨ ᠤ ᠭᠠᠶᠢᠯᠢ ᠪᠠᠲᠤᠯᠠᠬᠤ ᠦᠵᠡᠭᠦᠯᠭᠡ ᠵᠢᠴᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠤᠨ | ᠲᠤᠷᠰᠢᠯᠲᠠ ᠶᠢᠨ ᠴᠡᠭ ᠢ ᠳᠡᠮᠵᠢᠨ᠎ᠡ︔ ᠬᠠᠶᠢᠨᠠᠨ ᠳᠤ ᠪᠥᠸᠧ ᠤᠤ ᠯᠧ ᠴᠧᠩ ᠤᠯᠠᠨ ᠤᠯᠤᠰ ᠤᠨ ᠡᠮᠴᠢᠯᠡᠭᠡᠨ ᠤ | ᠵᠢᠭᠤᠯᠴᠢᠯᠠᠯ ᠤᠨ ᠤᠷᠢᠳ ᠢᠶᠠᠷ ᠬᠡᠷᠡᠭᠵᠢᠭᠦᠯᠬᠦ ᠲᠣᠭᠤᠷᠢᠭ ᠲᠤ ᠣᠨᠴᠠᠭᠠᠢ ᠡᠮᠴᠢᠯᠡᠭᠡᠨ ᠤ ᠢᠳᠡᠭᠡᠨ ᠪᠠ | ᠡᠷᠡᠭᠦᠯᠵᠢᠯ ᠤᠨ ᠢᠳᠡᠭᠡᠨ ᠢ ᠭᠠᠳᠠᠭᠠᠳᠤ ᠠᠴᠠ ᠣᠷᠣᠭᠤᠯᠵᠤ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠲᠡᠮᠵᠢᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ᠂ ᠴᠢᠩᠭᠡᠯᠢᠭ ᠢ ᠲᠡᠯᠡᠶ ᠪᠠᠷ ᠠᠶᠠᠯᠠᠭᠤᠯᠬᠤ᠂ | ᠰᠣᠯᠢᠯᠴᠠᠬᠤ᠂ ᠬᠠᠮᠲᠤ ᠡᠳ᠋ᠯᠡᠬᠦ ᠵᠡᠷᠭᠡ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ︽ᠨᠢᠭᠡ ᠯᠡ ᠴᠢᠩᠭᠡᠯᠢᠭ ᠢᠶᠠᠷ | ᠲᠡᠭᠡᠭᠡᠪᠦᠷᠢᠯᠡᠬᠦ︾ ᠶᠢ ᠰᠦᠪᠡᠭᠴᠢᠯᠡᠨ᠎ᠡ︔ ᠰᠢᠨ᠎ᠡ ᠡᠨᠧᠷᠭᠢ ᠶᠢᠨ ᠪᠦᠲᠦᠨ ᠲᠡᠷᠭᠡ᠂ ᠬᠥᠳᠡᠯᠭᠡᠭᠴᠢ ᠬᠦᠴᠦᠨ ᠤ | ᠴᠡᠨᠡᠭ ᠢ ᠭᠠᠳᠠᠭᠠᠳᠤ ᠳᠤ ᠭᠠᠷᠭᠠᠬᠤ ᠶᠢ ᠳᠡᠮᠵᠢᠬᠦ ᠬᠤᠯᠪᠣᠭᠠᠯᠠᠨ ᠲᠡᠭᠡᠭᠡᠪᠦᠷᠢᠯᠡᠬᠦ ᠰᠢᠨ᠎ᠡ ᠬᠡᠪ ᠵᠠᠭᠪᠤᠷ ᠵᠡᠷᠭᠡ ᠶᠢ | ᠰᠦᠪᠡᠭᠴᠢᠯᠡᠨ᠎ᠡ᠃ | ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠰᠢᠨ᠎ᠡ ᠪᠠᠶᠢᠳᠠᠯ ᠤᠨ | ᠬᠥᠭᠵᠢᠯᠲᠡ ᠶᠢ ᠡᠷᠴᠢᠮᠯᠡᠬᠦ᠂ ᠴᠢᠯᠦᠭᠡᠵᠢᠯ ᠳᠥᠭᠦᠮᠴᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ | ᠪᠠᠰᠠ ᠣᠯᠠᠨ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ᠃ | ᠬᠤᠶᠠᠷ ᠲᠤ᠂ ᠬᠦᠴᠦᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠬᠢᠯᠢ ᠪᠠᠷ | ᠥᠩᠭᠡᠷᠡᠬᠦ ᠳᠤ ᠸᠢᠰᠠᠯᠠᠬᠤ ᠠᠴᠠ ᠬᠡᠯᠲᠦᠷᠢᠭᠦᠯᠬᠦ᠂ ᠡᠭᠦᠷᠢᠳᠡ ᠰᠠᠭᠤᠷᠢᠰᠢᠬᠤ᠂ ᠲᠣᠭᠠᠴᠠᠭ᠎ᠠ ᠬᠢᠬᠦ ᠳᠤ ᠲᠥᠬᠦᠮ | ᠦᠵᠡᠭᠦᠯᠬᠦ᠂ ᠠᠵᠢᠯ ᠡᠷᠭᠢᠯᠡᠬᠦ ᠬᠢᠷᠢ ᠬᠡᠮ ᠢ ᠮᠡᠳᠡᠷᠡᠬᠦ ᠵᠡᠷᠭᠡ ᠲᠠᠯ᠎ᠠ ᠪᠠᠷ ᠲᠤᠷᠰᠢᠯᠲᠠ ᠶᠢᠨ ᠴᠡᠭ ᠤᠨ ᠡᠭᠦᠷᠭᠡ ᠶᠢ | ᠳᠤᠷᠠᠳᠪᠠ︔ ᠭᠠᠳᠠᠭᠠᠳᠤ ᠳᠤ ᠬᠤᠯᠪᠣᠭᠳᠠᠬᠤ ᠬᠥᠨᠳᠡᠯᠡᠨ ᠤ ᠲᠠᠰᠤᠯᠤᠯᠳᠠ᠂ ᠬᠠᠤᠯᠢᠴᠢ ᠶᠢᠨ ᠠᠵᠢᠯ ᠡᠷᠬᠢᠯᠡᠬᠦ᠂ | ᠤᠯᠠᠨ ᠤᠯᠤᠰ ᠤᠨ ᠬᠠᠤᠯᠢ ᠴᠠᠭᠠᠵᠠ ᠶᠢᠨ ᠬᠠᠮᠲᠤᠷᠠᠯᠴᠠᠭ᠎ᠠ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ᠂ ᠴᠢᠳᠠᠪᠤᠷᠢᠲᠠᠨ ᠬᠥᠮᠥᠵᠢᠭᠦᠯᠦᠨ ᠪᠣᠯᠪᠠᠰᠤᠷᠠᠭᠤᠯᠬᠤ ᠵᠡᠷᠭᠡ ᠶᠢᠨ | ᠲᠣᠭᠤᠷᠢᠨ ᠳᠤ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠭᠠᠳᠠᠭᠠᠳᠤ ᠳᠤ ᠬᠤᠯᠪᠣᠭᠳᠠᠬᠤ ᠬᠠᠤᠯᠢ | ᠴᠠᠭᠠᠵᠠ ᠶᠢᠨ ᠲᠤᠬᠠᠶᠢᠯᠠᠭᠰᠠᠨ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ | ᠭᠤᠷᠪᠠ ᠳᠤ᠂ ᠳᠦᠷᠢᠮ ᠪᠠ ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ | ᠠᠬᠢᠭᠤᠯᠬᠤ ᠲᠠᠯ᠎ᠠ ᠪᠠᠷ᠂ ᠳ᠋ᠠᠶᠢᠲ᠋ᠠ ᠶᠢ ᠬᠢᠯᠢ ᠠᠯᠤᠰᠯᠠᠨ ᠰᠢᠯᠵᠢᠭᠦᠯᠬᠦ᠂ ᠪᠠᠷᠢᠮᠵᠢᠶ᠎ᠠ ᠲᠣᠭᠲᠠᠭᠠᠬᠤ᠂ ᠮᠡᠳᠡᠯᠭᠡ | ᠥᠮᠴᠢᠯᠡᠬᠦ ᠡᠷᠬᠡ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠺᠣᠳ᠋ ᠵᠡᠷᠭᠡ ᠴᠢᠬᠤᠯᠠ ᠲᠤᠬᠠᠶᠢᠯᠠᠭᠰᠠᠨ ᠠᠵᠢᠯ ᠤᠨ | ᠬᠦᠷᠢᠶᠡᠨ ᠳᠠᠬᠢ ᠦᠨᠳᠦᠰᠦᠨ ᠵᠢᠷᠤᠮᠵᠢᠯ ᠢ ᠳᠠᠰᠤᠷᠠᠯᠳᠠ ᠦᠭᠡᠢ ᠲᠡᠭᠦᠯᠳᠡᠷᠵᠢᠭᠦᠯᠦᠨ᠎ᠡ︔ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ᠂ ᠬᠢᠯᠢ ᠠᠯᠤᠰᠯᠠᠭᠰᠠᠨ ᠡᠳ᠋ | ᠪᠠᠷᠠᠭ᠎ᠠ ᠶᠢ ᠬᠤᠯᠪᠤᠭᠠᠯᠠᠨ ᠲᠡᠭᠡᠭᠡᠪᠦᠷᠢᠯᠡᠬᠦ᠂ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ᠂ ᠳ᠋ᠢᠭᠢᠲ ᠪᠡᠶ᠎ᠡ | ᠬᠡᠮ᠂ ᠡᠯᠧᠺᠳ᠋ᠷᠣᠨ ᠪᠠᠷᠢᠮᠲᠠ ᠵᠡᠷᠭᠡ ᠬᠦᠷᠢᠶᠡᠨ ᠳᠠᠬᠢ ᠬᠢᠯᠢ ᠶᠢᠨ ᠳᠣᠲᠣᠨ᠎ᠠ ᠭᠠᠳᠠᠨᠠᠬᠢ ᠬᠠᠮᠢᠶᠠᠷᠤᠯᠲᠠ ᠶᠢᠨ | ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ ᠠᠬᠢᠭᠤᠯᠬᠤ ᠵᠡᠷᠭᠡ ᠪᠣᠯᠣᠨ᠎ᠠ᠃ | ᠳᠥᠷᠪᠡ ᠳᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠮᠵᠢᠯᠴᠠᠨ ᠬᠢᠨᠠᠨ ᠬᠠᠮᠢᠶᠠᠷᠬᠤ | ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ | ᠠᠳᠬᠤᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ᠂ ᠭᠤᠣᠯᠳᠠᠯᠭ᠎ᠠ ᠪᠣᠯᠬᠤ ᠠᠵᠤ | ᠦᠢᠯᠡᠰ ᠤᠨ ᠨᠡᠭᠡᠭᠡᠯᠲᠡ ᠶᠢᠨ ᠬᠡᠷᠡᠭᠵᠢᠭᠦᠯᠬᠦ ᠲᠥᠰᠥᠯ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠵᠦ᠂ ᠡᠮᠬᠢ ᠵᠢᠷᠤᠮ ᠲᠠᠢ ᠪᠠᠷ ᠬᠡᠷᠡᠭᠵᠢᠭᠦᠯᠬᠦ ᠶᠢ ᠠᠬᠢᠭᠤᠯᠤᠨ᠎ᠠ᠃ | | | |