ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠯᠪᠠᠨ ᠭᠡᠷᠡᠴᠢᠯᠡᠭᠡ ᠶᠢᠨ ᠦᠢᠯᠡᠰ ᠤᠨ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/25
    2023 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠯᠪᠠᠨ ᠭᠡᠷᠡᠴᠢᠯᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾ ᠠᠴᠠ ︽ᠰᠠᠶᠢᠲᠤᠷ ᠭᠦᠢᠴᠡᠳᠬᠡᠬᠦ᠂ ᠲᠦᠷᠭᠡᠨ ᠭᠦᠢᠴᠡᠳᠬᠡᠬᠦ᠂ ᠬᠠᠯᠠᠭᠤᠮᠰᠤᠭ ᠭᠦᠢᠴᠡᠳᠬᠡᠬᠦ︾ ᠲᠡᠰᠢ ᠲᠡᠰ ᠳᠡᠪᠰᠢᠭᠦᠯᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠬᠤᠷᠴᠢᠨ ᠲᠣᠭᠤᠷᠢᠭ ᠤᠨ ᠬᠢᠨ ᠠᠯᠪᠠᠨ ᠭᠡᠷᠡᠴᠢᠯᠡᠭᠡ ᠶᠢᠨ ᠬᠡᠷᠡᠭ ᠢ ᠨᠡᠶᠢᠲᠡ 4800 ᠭᠠᠷᠤᠢ ᠬᠤᠪᠢ ᠰᠢᠢᠳᠪᠦᠷᠢᠯᠡᠵᠦ᠂ ᠡᠭᠦᠨ ᠳᠤ ︽ᠢᠨᠲ᠋ᠧᠷ ᠰᠦᠯᠵᠢᠶᠡᠨ ᠤ ᠠᠯᠪᠠᠨ ᠭᠡᠷᠡᠴᠢᠯᠡᠭᠡ︾ ᠶᠢᠨ ᠲᠠᠪᠴᠠᠩ ᠤᠨ ᠰᠦᠯᠵᠢᠶᠡᠨ ᠳᠡᠭᠡᠷ᠎ᠡ 327 ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ 99% ᠳᠤ ᠬᠥᠷᠪᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号