ᠬᠤᠷᠴᠢᠨ ᠲᠣᠭᠤᠷᠢᠭ᠄ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/25
    ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠬᠤ ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠵᠢᠴᠢ ᠴᠣᠩᠬᠤᠨ ᠤ ᠦᠢᠯᠡᠴᠢᠯᠡᠭᠡᠨ ᠤ ᠤᠲᠠᠰᠤ ᠶᠢ ᠨᠡᠶᠢᠭᠡᠮ ᠨᠡᠶᠢᠲᠡ ᠳᠤ ᠢᠯᠡ ᠪᠣᠯᠭᠠᠬᠤ ᠶᠢᠨ ᠬᠠᠮᠲᠤ ᠤᠲᠠᠰᠤ ᠪᠠᠷ ᠣᠷᠣᠯᠴᠠᠵᠤ ᠳᠡᠶᠢᠯᠬᠦ᠂ ᠲᠤᠰᠴᠤ ᠳᠡᠶᠢᠯᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠬᠢᠯᠡᠯᠲᠡ ᠶᠢ ᠤᠯᠠᠮ ᠨᠢᠭᠡ ᠠᠯᠬᠤᠮ ᠨᠡᠪᠲᠡᠷᠡᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠬᠥᠮᠦᠰ ᠤᠨ ᠪᠡᠶ᠎ᠡ ᠭᠠᠷᠤᠯ ᠢ ᠣᠨᠣᠪᠴᠢᠲᠠᠶ ᠪᠠᠷ ᠬᠠᠮᠠᠭᠠᠯᠠᠨ᠎ᠠ᠃ ᠡᠭᠦᠨ ᠠᠴᠠ ᠭᠠᠳᠠᠨ᠎ᠠ᠂ ᠴᠤᠪᠤᠷᠠᠯ ᠢ ᠴᠣᠮᠬᠠᠳᠬᠠᠬᠤ ᠶᠢ ᠪᠠᠷᠢᠮᠲᠠᠯᠠᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠭᠠᠷᠲᠠᠨ ᠭᠦᠢᠴᠡᠳᠭᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠠᠨᠤᠮᠵᠢ  ᠶᠢᠨ ᠬᠡᠮᠵᠢᠶ᠎ᠡ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ  ᠨᠡᠮᠡᠷᠢᠯᠡᠨ᠎ᠡ᠃  
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号