ᠤᠢᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ | ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠲᠤᠬᠠᠢ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠪᠥᠬᠦ ᠠᠭᠤᠯᠭ᠎ᠠ ᠨᠢ | ᠳᠤᠤᠷᠠᠬᠢ ᠮᠡᠲᠦ᠃ | ᠠᠮᠤ ᠪᠤᠳᠠᠭᠠᠨ ᠤ ᠠᠮᠤᠷ ᠲᠦᠪᠰᠢᠨ ᠪᠣᠯ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠥᠨ᠃ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠦᠨᠳᠦᠰᠦ ᠨᠢ ᠲᠠᠷᠢᠶᠠᠨ ᠭᠠᠵᠠᠷ ᠲᠤ ᠪᠤᠢ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠣᠯ ᠨᠢᠭᠡᠨ ᠴᠢᠬᠤᠯᠠ ᠭᠠᠷᠳᠠᠴᠠ ᠮᠥᠨ᠃ ᠨᠥᠬᠦᠴᠡᠯ ᠢ | ᠪᠦᠷᠢᠯᠳᠦᠭᠦᠯᠦᠭᠰᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠲᠠᠷᠢᠶᠠᠨ ᠭᠠᠵᠠᠷ ᠤᠨ ᠠᠮᠤ | ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠤ᠂ ᠮᠡᠷᠬᠡᠵᠢᠯ ᠢᠶᠠᠷ ᠠᠮᠤ ᠪᠤᠳᠠᠭᠠᠨ ᠤ ᠤᠨᠠᠯᠳᠠ ᠶᠢ | ᠨᠡᠮᠡᠭᠳᠡᠬᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ | ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢ | ᠰᠢᠯᠢᠳᠡᠭᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ ᠲᠣᠳᠣᠷᠬᠠᠶᠢᠯᠠᠨ᠂ ᠣᠷᠣᠭᠤᠯᠤᠯᠲᠠ ᠶᠢᠨ | ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠡᠷᠭᠡ ᠳᠤᠨᠢ | ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠪᠦᠲᠦᠭᠡᠨ ᠪᠠᠶᠢᠭᠤᠯᠤᠯᠲᠠ | ᠪᠠ ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠨᠥᠬᠦᠴᠡᠯ ᠢ | ᠪᠦᠷᠢᠯᠳᠦᠭᠦᠯᠦᠭᠰᠡᠨ ᠲᠠᠷᠢᠶᠠᠨ ᠭᠠᠵᠠᠷ ᠢᠯᠠᠩᠭᠤᠶ᠎ᠠ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ | ᠦᠨᠡᠨ ᠬᠦ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ | ᠪᠦᠬᠡᠳ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠤᠯᠭᠠᠨ ᠪᠠᠶᠢᠭᠤᠯᠵᠤ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠦᠨ᠎ᠡ᠃ | ᠭᠤᠤᠯ ᠬᠠᠷᠠᠯᠲᠠ ᠪᠣᠯ᠄ 2030 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ | 13.5 ᠳ᠋ᠦᠩᠰᠢᠭᠤᠷ ᠮᠥ ᠪᠤᠯᠭᠠᠨ ᠬᠦᠴᠦᠯᠡᠨ ᠪᠠᠶᠢᠭᠤᠯᠵᠤ᠂ ᠨᠡᠶᠢᠳᠡ 2.8 ᠳ᠋ᠦᠩᠰᠢᠭᠤᠷ ᠮᠦ ᠶᠢ ᠥᠭᠡᠷᠡᠴᠢᠯᠡᠨ | ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠵᠢᠭᠦᠯᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ | ᠵᠡᠷᠭᠡ ᠪᠠᠷ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 8000 | ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ︔ 2035 ᠣᠨ ᠪᠣᠯᠬᠤ ᠳᠤ᠂ ᠨᠥᠬᠦᠴᠡᠯ ᠢ ᠪᠦᠷᠢᠯᠳᠦᠭᠦᠯᠦᠭᠰᠡᠨ | ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠪᠣᠯᠭᠠᠨ ᠥᠭᠡᠷᠡᠴᠢᠯᠡᠨ ᠪᠠᠶᠢᠭᠤᠯᠵᠤ᠂ ᠨᠡᠶᠢᠲᠡ 4.55 ᠳ᠋ᠦᠩᠰᠢᠭᠤᠷ ᠮᠥ ᠶᠢ ᠥᠭᠡᠷᠡᠴᠢᠯᠡᠨ ᠳᠡᠭᠡᠭᠰᠢᠯᠡᠭᠦᠯᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.3 ᠳ᠋ᠦᠩᠰᠢᠭᠤᠷ ᠮᠥ ᠰᠢᠨ᠎ᠡ ᠪᠠᠷ | ᠨᠡᠮᠡᠭᠳᠡᠭᠦᠯᠦᠨ᠎ᠡ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ | ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ︽ᠨᠢᠭᠡ ᠶᠢ ᠲᠡᠭᠰᠢᠯᠡᠬᠦ︾ ︵ᠲᠠᠷᠢᠶᠠᠨ ᠭᠠᠵᠠᠷ ᠢ ᠲᠡᠭᠰᠢᠯᠡᠬᠦ | ︶᠂ ︽ᠬᠤᠶᠠᠷ ᠢ ᠨᠡᠪᠲᠡᠷᠡᠭᠦᠯᠬᠦ︾ ︵ᠤᠰᠤ ᠨᠡᠪᠲᠡᠷᠡᠭᠦᠯᠵᠦ ᠵᠠᠮ ᠨᠡᠪᠲᠡᠷᠡᠭᠦᠯᠬᠦ︶᠂ ︽ᠭᠤᠷᠪᠠ ᠶᠢ ᠳᠡᠭᠡᠭᠰᠢᠯᠡᠭᠦᠯᠬᠦ | ︾ ︵ᠭᠠᠵᠠᠷ ᠤᠨ ᠬᠦᠴᠦ ᠰᠢᠮ᠎ᠡ᠂ ᠤᠨᠠᠯᠲᠠ᠂ ᠦᠷ᠎ᠡ ᠠᠰᠢᠭ ᠢ ᠳᠡᠭᠡᠭᠰᠢᠯᠡᠭᠦᠯᠬᠦ︶ ᠪᠠᠷ ᠦᠨᠳᠦᠰᠦᠨ ᠪᠠᠷᠢᠮᠵᠢᠶ᠎ᠠ | ᠪᠣᠯᠭᠠᠵᠤ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠶ | ᠵᠣᠬᠢᠰᠲᠠᠶ ᠲᠣᠭᠲᠠᠭᠠᠨ᠎ᠠ᠃ ᠤᠯᠤᠰ ᠤᠨ ᠪᠠᠷᠢᠮᠵᠢᠶ᠎ᠠ ᠨᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ | ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ | ᠰᠠᠭᠤᠷᠢᠯᠠᠬᠤ ᠴᠢᠨᠠᠷᠲᠠᠶ᠂ ᠨᠡᠶᠢᠳᠡᠮ ᠬᠡᠷᠡᠭᠯᠡᠬᠦ ᠴᠢᠨᠠᠷᠲᠠᠶ ᠱᠠᠭᠠᠷᠳᠠᠯᠭ᠎ᠠ ᠶᠢ ᠳᠣᠪᠤᠶᠢᠯᠭᠠᠵᠤ᠂ ᠮᠤᠵᠢ ᠶᠢᠨ ᠱᠠᠲᠤᠨ ᠤ | ᠲᠠᠰ ᠳᠠᠪᠬᠤᠷᠭ᠎ᠠ ᠠᠴᠠ ᠲᠠᠷᠢᠶᠠᠨ ᠭᠠᠵᠠᠷ ᠢ ᠲᠡᠭᠰᠢᠯᠠᠨ ᠵᠠᠰᠠᠬᠤ᠂ ᠤᠰᠤᠯᠠᠬᠤ ᠪᠠ ᠤᠰᠤ ᠵᠠᠯᠠᠬᠤ ᠲᠤᠨᠤᠭ | ᠲᠦᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠵᠡᠷᠭᠡ ᠪᠣᠳᠠᠲᠠᠶ | ᠱᠠᠭᠠᠷᠳᠠᠯᠭ᠎ᠠ ᠶᠢ ᠨᠠᠷᠢᠯᠢᠬᠵᠢᠭᠤᠯᠤᠨ ᠲᠣᠭᠲᠠᠭᠠᠵᠤ᠂ ᠬᠤᠲᠠ ᠰᠢᠶᠠᠨ ᠤ ᠲᠠᠰ ᠳᠠᠪᠬᠤᠷᠭ᠎ᠠ ᠠᠴᠠ ᠳᠥᠭᠦᠮ | ᠠᠪᠰᠠᠷᠬᠠᠨ ᠬᠢᠯᠪᠠᠷ ᠶᠠᠪᠤᠭᠳᠠᠬᠤ᠂ ᠲᠥᠬᠦᠮ ᠣᠶᠢᠯᠠᠭᠠᠮᠵᠢᠲᠠᠶ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠡᠷᠡᠭᠵᠢᠭᠦᠯᠬᠦ | ᠨᠠᠷᠢᠨ ᠲᠦᠷᠢᠮ ᠢ ᠲᠣᠭᠲᠠᠭᠠᠵᠤ᠂ ᠲᠠᠰ ᠳᠠᠪᠬᠤᠷᠭ᠎ᠠ ᠨᠢ ᠲᠣᠳᠣᠷᠬᠠᠶ᠂ ᠳᠡᠭᠡᠷ᠎ᠠ ᠳᠤᠤᠷ᠎ᠠ ᠱᠠᠲᠤ ᠶᠢ | ᠵᠣᠯᠭᠠᠭᠤᠯᠤᠭᠰᠠᠨ᠂ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ ᠪᠠᠶᠢᠬᠤ ᠪᠠᠷᠢᠮᠵᠢᠶ᠎ᠠ ᠶᠢᠨ ᠰᠢᠰᠲ᠋ᠧᠮ ᠢ | ᠪᠦᠷᠢᠯᠳᠦᠭᠦᠯᠦᠨ᠎ᠡ᠃ | ︵ᠬᠤᠶᠠᠷ︶ ᠪᠦᠲᠦᠭᠡᠨ ᠪᠠᠶᠢᠭᠤᠯᠬᠤ ᠠᠭᠤᠯᠭ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ | ᠬᠥᠷᠥᠰᠥ ᠰᠢᠷᠣᠢ᠂ ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ | ᠲᠠᠷᠢᠶᠠᠨ ᠭᠠᠵᠠᠷ ᠲᠤ ᠲᠠᠯᠪᠢᠨ᠎ᠠ᠃ ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ | ᠲᠡᠭᠰᠢᠯᠡᠨ ᠵᠠᠰᠠᠬᠤ᠂ ᠲᠠᠷᠢᠶᠠᠨ ᠭᠠᠵᠠᠷ ᠢ ᠤᠰᠤᠯᠠᠬᠤ ᠪᠠ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠵᠠᠮ | ᠪᠠ ᠴᠠᠬᠢᠯᠭᠠᠨ ᠬᠦᠴᠦᠨ ᠤ ᠲᠤᠨᠤᠭ ᠲᠦᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ ᠰᠠᠭᠤᠷᠢ ᠪᠦᠲᠦᠭᠡᠨ | ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ ᠲᠠᠷᠢᠶᠠᠨ ᠭᠠᠵᠠᠷ ᠤᠨ ᠤᠰᠤ ᠶᠢ ᠪᠠᠳᠤᠯᠠᠵᠤ ᠬᠥᠷᠥᠰᠥ | ᠰᠢᠷᠣᠶ ᠶᠢ ᠪᠠᠳᠤᠯᠠᠵᠤ ᠪᠣᠷᠳᠣᠭᠤᠷ ᠢ ᠪᠠᠳᠤᠯᠠᠬᠤ ᠴᠢᠳᠠᠪᠤᠷᠢ᠂ ᠭᠠᠩᠳᠠᠵᠤ ᠤᠰᠤᠲᠤᠬᠤ ᠭᠠᠮᠰᠢᠭ ᠢ ᠡᠰᠡᠷᠭᠦᠴᠡᠬᠦ | ᠴᠢᠳᠠᠪᠤᠷᠢ᠂ ᠮᠠᠰᠢᠨᠴᠢᠯᠠᠨ ᠮᠧᠬᠠᠨᠢᠭᠴᠢᠯᠠᠵᠤ ᠲᠠᠷᠢᠶᠠᠯᠠᠬᠤ ᠳᠤ ᠳᠥᠭᠦᠮ ᠦᠵᠡᠭᠦᠯᠬᠦ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ︔ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠶᠠᠭᠤ ᠳᠤᠲᠠᠭᠳᠠᠪᠠᠯ ᠶᠠᠭᠤ ᠶᠢ | ᠨᠥᠬᠦᠪᠥᠷᠢᠯᠡᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ ᠳᠤᠲᠠᠭᠤᠳᠠᠯ ᠪᠠᠭᠤᠷᠠᠶ | ᠲᠠᠯ᠎ᠠ ᠶᠢ ᠨᠥᠬᠦᠪᠥᠷᠢᠯᠡᠨ᠎ᠡ᠃ ᠭᠠᠳᠠᠨ᠎ᠠ ᠠᠴᠠ ᠰᠢᠷᠤᠢ ᠠᠪᠴᠢᠷᠠᠵᠤ ᠨᠡᠮᠡᠬᠦ᠂ ᠥᠩᠭᠡᠨ ᠲᠠᠯ᠎ᠠ ᠶᠢᠨ ᠬᠥᠷᠥᠰᠥ ᠶᠢ | ᠲᠠᠬᠢᠨ ᠲᠠᠷᠢᠶᠠᠨ ᠭᠠᠵᠠᠷ ᠪᠤᠯᠭᠠᠨ ᠠᠰᠢᠬᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠭᠠᠵᠠᠷ ᠰᠢᠷᠣᠶ ᠶᠢ ᠲᠡᠭᠰᠢᠯᠡᠵᠦ | ᠂ ᠲᠠᠷᠢᠶᠠᠨ ᠭᠠᠵᠠᠷ ᠤᠨ ᠭᠠᠳᠠᠷᠭᠤ ᠶᠢᠨ ᠨᠠᠯᠠᠤ ᠬᠤᠳᠤᠭᠤᠷ ᠢ ᠵᠦᠶ ᠵᠣᠬᠢᠰᠲᠠᠶ ᠲᠣᠬᠢᠷᠠᠭᠤᠯᠵᠤ᠂ ᠲᠠᠷᠢᠶᠠᠨ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠰᠠᠶᠢᠵᠢᠷᠠᠭᠤᠯᠤᠨ᠎ᠠ᠃ ᠡᠳᠦᠷ ᠲᠤᠲᠤᠮ ᠤᠨ ᠲᠠᠷᠢᠶᠠᠯᠠᠩ ᠤᠨ | ᠦᠢᠯᠡᠳᠪᠦᠷᠢᠯᠡᠯ ᠲᠠᠢ ᠤᠶᠠᠯᠳᠤᠭᠤᠯᠤᠨ ᠬᠥᠷᠥᠰᠥ ᠰᠢᠷᠣᠶ ᠶᠢ ᠰᠠᠶᠢᠵᠢᠷᠠᠭᠤᠯᠵᠤ ᠪᠣᠷᠲᠣᠭᠤᠷ ᠣᠷᠣᠭᠤᠯᠬᠤ ᠶᠢ | ᠴᠢᠩᠭᠠᠳᠬᠠᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠦᠨᠡᠨ ᠬᠦ ᠰᠠᠶᠢᠵᠢᠷᠠᠭᠤᠯᠤᠨ᠎ᠠ᠃ ᠬᠥᠨᠥᠭᠡᠯ ᠳᠤ | ᠲᠣᠬᠢᠷᠠᠭᠤᠯᠤᠨ ᠰᠡᠷᠭᠡᠶᠢᠯᠡᠯᠲᠡ ᠬᠢᠵᠦ᠂ ᠡᠷᠭᠢ ᠬᠥᠲᠥᠯ ᠢ ᠬᠠᠮᠠᠭᠠᠯᠠᠬᠤ᠂ ᠰᠠᠯᠬᠢ ᠡᠯᠡᠰᠦ ᠶᠢ ᠰᠡᠷᠭᠡᠶᠢᠯᠡᠬᠦ ᠵᠡᠷᠭᠡ | ᠢᠨᠵᠧᠨᠧᠷᠢᠩ ᠤᠨ ᠠᠷᠭ᠎ᠠ ᠬᠡᠮᠵᠢᠶ᠎ᠡ ᠶᠢ ᠵᠦᠢ ᠵᠣᠬᠢᠰᠲᠠᠶ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠥᠷᠥᠰᠥ | ᠰᠢᠷᠣᠶ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠡᠵᠡᠩᠨᠡᠯᠲᠡ ᠶᠢᠨ ᠭᠤᠤᠯ ᠴᠣᠭᠴᠠ ᠪᠠᠶ᠎ᠠ ᠪᠠᠨ ᠲᠠᠭᠠᠭᠠᠵᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ | ᠣᠶᠤᠨᠴᠢ ᠪᠠᠷ ᠤᠰᠤᠯᠠᠬᠤ᠂ ᠴᠢᠭᠢᠭ ᠤᠨ ᠪᠠᠶᠢᠳᠠᠯ ᠬᠤᠷᠣᠬᠠᠶ ᠶᠢᠨ ᠪᠠᠶᠢᠳᠠᠯ ᠢ ᠠᠦ᠋ᠲ᠋ᠣ᠋ ᠪᠠᠷ ᠬᠢᠨᠠᠨ ᠰᠢᠨᠵᠢᠬᠦ᠂ | ᠣᠶᠤᠨᠴᠢ ᠴᠠᠭ ᠠᠭᠤᠷ ᠤᠨ ᠦᠢᠯᠡᠴᠢᠯᠡᠭᠡ ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ | ᠵᠣᠷᠢᠭᠵᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠪᠠᠶᠢᠷᠢᠰᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠣᠷᠣᠨ᠂ ᠲᠠᠯ᠎ᠠ | ᠭᠠᠵᠠᠷ ᠣᠷᠣᠨ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ | ᠵᠢᠴᠢ ᠠᠮᠤ ᠪᠤᠳᠠᠭᠠᠨ ᠤ ᠤᠨᠠᠯᠲᠠ ᠥᠨᠳᠥᠷ ᠪᠠ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠭᠠᠵᠠᠷ | ᠣᠷᠣᠨ ᠳᠤ ᠤᠷᠢᠳ ᠢᠶᠠᠷ ᠪᠥᠲᠥᠭᠡᠨ ᠪᠠᠶᠢᠭᠤᠯᠤᠯᠳᠠ ᠦᠷᠨᠢᠭᠦᠯᠦᠨ᠎ᠠ᠂ ᠭᠡᠬᠦ ᠳᠡᠭᠡᠨ ᠡᠬᠦᠷᠢᠳᠡ ᠶᠢᠨ ᠴᠢᠨᠠᠷᠳᠠᠢ | ᠦᠨᠳᠦᠰᠦᠨ ᠲᠠᠷᠢᠶᠠᠨ ᠭᠠᠵᠠᠷ ᠢᠶᠠᠷ ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠃ ᠠᠮᠢ ᠠᠬᠤᠢ ᠬᠡᠪᠡᠷᠡᠭ ᠣᠷᠣᠨ᠂ | ᠲᠠᠯᠠᠢ ᠳᠠᠭᠠᠤ ᠶᠢᠨ ᠳᠣᠲᠣᠭᠠᠳᠤ ᠬᠠᠭᠤᠷᠠᠢ ᠶᠢᠨ ᠭᠤᠤᠯ ᠤᠨ ᠲᠠᠩ ᠰᠠᠶᠢᠷᠭᠠᠯ ᠵᠡᠷᠭᠡ ᠣᠷᠣᠨ ᠪᠦᠰᠡ ᠳᠤ ᠴᠢᠩᠭ᠎ᠠ | ᠬᠢᠵᠠᠭᠠᠷᠯᠠᠵᠤ᠂ 25 ᠭᠷᠠᠳᠦ᠋ᠰ ᠠᠴᠠ ᠳᠡᠭᠡᠭᠰᠢᠬᠢ ᠨᠠᠯᠠᠤ ᠶᠢᠨ ᠲᠠᠷᠢᠶᠠᠨ ᠭᠠᠵᠠᠷ᠂ ᠴᠢᠩᠭ᠎ᠠ ᠬᠠᠮᠢᠶᠠᠷᠤᠨ ᠡᠵᠡᠮᠳᠡᠬᠦ | ᠲᠦᠷᠦᠯ ᠤᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ︵ᠤᠯᠠᠭᠠᠨ ᠱᠤᠭᠤᠮ | ᠳᠣᠲᠣᠷᠠᠬᠢ ᠲᠥᠪᠯᠡᠷᠡᠨ ᠵᠠᠯᠭᠠᠯᠳᠤᠭᠰᠠᠨ ᠱᠠᠲᠤᠨ ᠲᠠᠷᠢᠶ᠎ᠠ ᠪᠤᠶᠤ ᠬᠠᠮᠠᠭᠠᠯᠠᠭᠳᠠᠬᠤ ᠡᠲᠡᠭᠡᠳ ᠲᠠᠢ ᠬᠠᠮᠲᠤ | ᠣᠷᠣᠰᠢᠭᠰᠠᠨ ᠲᠦᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ ᠪᠠᠭᠲᠠᠬᠤ ᠦᠭᠡᠢ︶᠂ ᠲᠠᠷᠢᠶᠠᠯᠠᠬᠤ ᠶᠢ ᠵᠤᠭᠰᠤᠭᠠᠵᠤ | ᠤᠢ ᠮᠤᠳᠤ ᠲᠠᠷᠢᠬᠤ ᠡᠪᠡᠰᠦ ᠪᠡᠯᠴᠢᠭᠡᠷ ᠢ ᠰᠡᠷᠭᠦᠭᠡᠬᠦ ᠨᠠᠭᠤᠷ ᠴᠥᠭᠦᠷᠥᠮ ᠢ ᠰᠡᠷᠭᠦᠬᠡᠬᠦ ᠮᠠᠯᠵᠢᠬᠤ ᠭᠠᠵᠠᠷ ᠢ | ᠰᠡᠷᠭᠦᠭᠡᠬᠦ ᠣᠷᠣᠨ ᠪᠦᠰᠡ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ | ᠥᠷᠨᠢᠭᠦᠯᠬᠦ ᠶᠢ ᠴᠠᠭᠠᠵᠠᠯᠠᠨ᠎ᠠ᠃ ᠨᠥᠬᠦᠴᠡᠯ ᠲᠠᠢ ᠭᠠᠵᠠᠷ ᠣᠷᠣᠨ ᠪᠥᠬᠦ ᠣᠷᠣᠨ ᠪᠦᠰᠡ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠬᠤ ᠣᠷᠣᠨ ᠬᠤᠪᠢᠶᠠᠷᠢᠯᠠᠯ᠃ ᠣᠷᠣᠨ ᠪᠦᠰᠡ ᠶᠢᠨ ᠡᠬᠢ ᠪᠠᠶᠠᠯᠢᠭ ᠤᠨ | ᠲᠠᠪᠠᠭᠤᠯᠢᠭ᠂ ᠲᠠᠷᠢᠶᠠᠯᠠᠬᠤ ᠲᠦᠷᠢᠮ ᠪᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠵᠡᠷᠭᠡ ᠶᠢ ᠦᠨᠳᠦᠰᠦᠯᠡᠨ᠂ | ᠪᠥᠬᠦ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 7 ᠣᠷᠣᠨ | ᠪᠦᠰᠡ ᠳᠤ ᠬᠤᠪᠢᠶᠠᠨ᠎ᠠ᠃ ᠵᠡᠭᠦᠨ ᠬᠤᠶᠢᠲᠤ ᠣᠷᠣᠨ ᠨᠢ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ | ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ | ᠬᠥᠯᠥᠨ ᠪᠤᠶᠢᠷ ᠬᠤᠳᠠ ᠵᠡᠷᠬᠡ 4 ᠠᠶᠢᠮᠠᠭ ︵ᠬᠤᠳᠠ︶ ᠢ ᠪᠠᠭᠲᠠᠭᠠᠵᠤ᠂ ᠲᠠᠷᠢᠶᠠᠨ ᠭᠠᠵᠠᠷ ᠤᠨ ᠤᠰᠤᠯᠠᠵᠤ ᠤᠰᠤ | ᠵᠠᠯᠠᠬᠤ ᠲᠤᠨᠤᠭ ᠲᠦᠬᠦᠭᠡᠷᠦᠮᠵᠢ ᠶᠢ ᠭᠤᠣᠯᠳᠠᠯᠭ᠎ᠠ ᠲᠠᠢ ᠲᠦᠷᠭᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ | ᠲᠡᠭᠰᠢᠯᠡᠨ ᠵᠠᠰᠠᠬᠤ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠳᠤᠨ ᠭᠤᠤᠯ | ᠬᠤᠸᠠᠶᠢᠾᠧ ᠭᠤᠤᠯ ᠤᠨ ᠤᠷᠤᠨ ᠨᠢ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ᠂ ᠾᠧᠨᠠᠨ ᠵᠡᠷᠭᠡ 5 ᠮᠤᠵᠢ | ︵ᠰᠢᠭᠤᠳ ᠬᠠᠷᠢᠶ᠎ᠠ ᠬᠤᠲᠠ︶ ᠶᠢ ᠪᠠᠭᠳᠠᠭᠠᠵᠤ᠂ ᠤᠰᠤᠯᠠᠯᠲᠠ ᠶᠢ ᠪᠠᠲᠤᠯᠠᠬᠤ ᠨᠣᠷᠮ᠎ᠠ ᠶᠢ ᠭᠤᠣᠯᠳᠠᠯᠭ᠎ᠠ ᠲᠠᠢ | ᠬᠦᠴᠦᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠬᠤ ᠨᠥᠬᠦᠴᠡᠯ ᠢ ᠲᠡᠭᠦᠯᠳᠡᠷᠵᠢᠭᠦᠯᠦᠨ᠎ᠡ᠃ | ᠬᠥᠬᠡᠮᠥ᠋ᠷᠡᠨ ᠤ ᠳᠤᠮᠳᠠ ᠳᠤᠤᠷᠠᠳᠤ ᠤᠷᠤᠰᠬᠠᠯ ᠤᠨ ᠣᠷᠣᠨ ᠨᠢ ᠱᠠᠩᠬᠠᠶ᠂ ᠵᠢᠶᠠᠩᠰᠦ᠂ ᠠᠨᠾᠦ᠋ᠢ᠂ ᠵᠢᠶᠠᠩᠰᠢ᠂ | ᠬᠤᠪᠸᠢ᠂ ᠬᠤᠨᠠᠨ ᠵᠡᠷᠭᠡ 6 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠲᠠᠷᠢᠶᠠᠨ ᠭᠠᠵᠠᠷ ᠤᠨ | ᠲᠤᠨᠤᠭ ᠲᠥᠬᠦᠭᠡᠷᠦᠮᠵᠢ ᠶᠢᠨ ᠣᠳᠣᠬᠢᠴᠢᠯᠠᠯᠲᠠ ᠶᠢ ᠢᠵᠢ ᠪᠦᠷᠢᠳᠦᠭᠦᠯᠦᠨ ᠲᠠᠰ ᠳᠡᠪᠰᠢᠭᠦᠯᠬᠦ ᠶᠢ ᠭᠤᠤᠯᠳᠠᠯᠭ᠎ᠠ ᠲᠠᠢ | ᠳᠣᠪᠤᠶᠢᠯᠭᠠᠵᠤ᠂ ᠭᠠᠩ ᠬᠠᠭᠰᠠᠷᠠᠭᠠᠨ᠂ ᠤᠰᠤᠲᠤᠯ᠂ ᠲᠤᠨᠤᠮᠠᠯ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠦᠨ᠎ᠡ᠃ ᠵᠡᠭᠦᠨ ᠡᠮᠦᠨᠡᠲᠦ ᠣᠷᠣᠨ ᠨᠢ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠶᠢᠨᠠᠨ ᠵᠡᠷᠭᠡ 4 | ᠮᠤᠵᠢ ᠶᠢ ᠪᠠᠭᠲᠠᠭᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠭᠡᠭᠰᠡᠨ ᠤᠷᠢᠲᠠᠯ ᠳᠣᠣᠷ᠎ᠠ ᠲᠠᠷᠢᠶᠠᠨ | ᠭᠠᠵᠠᠷ ᠤᠨ ᠵᠢᠵᠢᠭᠷᠡᠨ ᠬᠡᠰᠡᠭᠵᠢᠭᠰᠡᠨ ᠠᠰᠠᠭᠤᠳᠠᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠳᠤ | ᠭᠤᠤᠯᠳᠠᠯᠭ᠎ᠠ ᠪᠠᠨ ᠲᠠᠯᠪᠢᠵᠤ᠂ ᠲᠠᠷᠢᠶᠠᠨ ᠭᠠᠵᠠᠷ ᠤᠨ ᠠᠭᠠᠳᠠᠷ ᠪᠣᠷᠣᠭᠠᠨ ᠢ ᠰᠡᠷᠭᠡᠶᠢᠯᠡᠬᠦ ᠴᠢᠳᠠᠪᠤᠷᠢ ᠶᠢ | ᠨᠡᠮᠡᠭᠳᠡᠭᠦᠯᠦᠨ᠎ᠡ᠃ ᠪᠠᠷᠠᠭᠤᠨ ᠡᠮᠦᠨᠡᠲᠦ ᠣᠷᠣᠨ ᠨᠢ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠤ᠂ ᠶᠦᠨᠨᠠᠨ | ᠵᠡᠷᠭᠡ 5 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠬᠡᠪᠲᠡᠭᠡ | ᠱᠠᠲᠤᠨ ᠲᠠᠷᠢᠶ᠎ᠠ ᠶᠢᠨ ᠥᠭᠡᠷᠡᠴᠢᠯᠡᠯᠲᠡ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠲᠠᠷᠢᠶᠠᠨ | ᠭᠠᠵᠠᠷ ᠤᠨ ᠵᠠᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠴᠢᠨᠠᠷᠲᠠᠶ ᠤᠰᠤ ᠳᠤᠲᠠᠭᠳᠠᠬᠤ ᠳᠤᠲᠠᠭᠤᠳᠠᠯ ᠢ | ᠨᠥᠬᠦᠪᠥᠷᠢᠯᠡᠨ᠎ᠡ᠃ ᠪᠠᠷᠠᠭᠤᠨ ᠬᠤᠶᠢᠲᠤ ᠣᠷᠣᠨ ᠨᠢ ᠱᠠᠨ ᠰᠢ᠂ ᠱᠠᠨᠰᠢ᠂ ᠭᠠᠨᠰᠦ᠂ ᠨᠢᠩᠰᠢᠶᠠ᠂ ᠰᠢᠨᠵᠢᠶᠠᠩ ︵ | ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠭᠲᠠᠨ᠎ᠠ︶ 5 ᠮᠤᠵᠢ ︵ | ᠥᠪᠡᠷᠲᠡᠭᠡᠨ ᠵᠠᠰᠠᠬᠤ ᠣᠷᠣᠨ︶ ᠵᠢᠴᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ 8 ᠠᠶᠢᠮᠠᠭ ︵ᠬᠤᠲᠠ | ︶ ᠢ ᠪᠠᠭᠲᠠᠭᠠᠵᠤ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠠᠷᠢᠶᠠᠯᠠᠩ ᠤᠨ | ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠪᠣᠭᠤᠮᠢ︾ ᠪᠣᠯᠵᠣ ᠪᠠᠶᠢᠭ᠎ᠠ ᠭᠠᠩ ᠬᠠᠭᠰᠠᠷᠠᠭᠠᠨ ᠤ | ᠠᠰᠠᠭᠤᠳᠠᠯ ᠢ ᠰᠢᠢᠳᠪᠦᠷᠢᠯᠡᠨ᠎ᠠ᠃ ᠬᠦᠭᠡᠨᠠᠭᠤᠷ ᠲᠦᠪᠡᠳ ᠤᠷᠤᠨ ᠨᠢ ᠲᠥᠪᠡᠳ᠂ ᠬᠥᠬᠡᠨᠠᠭᠤᠷ 2 ᠮᠤᠵᠢ ︵ | ᠥᠪᠡᠷᠲᠡᠭᠡᠨ ᠵᠠᠰᠠᠬᠤ ᠣᠷᠣᠨ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠨᠤᠭ | ᠲᠥᠬᠦᠭᠡᠷᠦᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠮᠠᠰᠢᠨ ᠮᠧᠬᠠᠨᠢᠭᠵᠢᠭᠤᠯᠤᠨ ᠠᠵᠢᠯᠯᠠᠬᠤ ᠨᠥᠬᠦᠴᠡᠯ ᠢ | ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠪᠦᠳᠦᠭᠡᠨ ᠪᠠᠶᠢᠭᠤᠯᠤᠯᠳᠠ ᠶᠢ ᠨᠠᠷᠢᠯᠢᠭᠵᠢᠭᠤᠯᠵᠤ ᠤᠷᠤᠨ ᠬᠤᠪᠢᠶᠠᠬᠤ | ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠦᠢᠯᠡᠳᠪᠦᠷᠢᠯᠡᠯ ᠳᠤ ᠬᠠᠷᠰᠢ | ᠰᠠᠭᠠᠳ ᠪᠤᠯᠵᠤ ᠪᠠᠶᠢᠭ᠎ᠠ ᠬᠦᠴᠦᠨ ᠵᠦᠢᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠬᠡᠷᠡᠭᠲᠡᠶ᠃ | ︵ᠲᠠᠪᠤ︶ ᠱᠠᠲᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠲᠥᠯᠥᠪᠵᠢᠭᠦᠯᠭᠡ ᠶᠢᠨ ᠲᠥᠰᠦᠯ ᠤᠨ ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠣᠭᠤᠳᠤᠨ᠎ᠠ᠃ ᠤᠯᠤᠰ ᠠᠴᠠ ᠶᠡᠷᠦᠩᠬᠡᠶ | ᠲᠥᠯᠥᠪᠵᠢᠭᠦᠯᠭᠡ ᠶᠢᠨ ᠲᠥᠰᠦᠯ ᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠴᠢᠩᠭᠠᠳᠬᠠᠨ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠲᠣᠰ ᠲᠥᠰᠦᠯ ᠢ ᠦᠨᠳᠦᠰᠦᠯᠡᠨ ᠣᠷᠣᠨ | ᠪᠠ ᠲᠥᠷᠥᠯ ᠬᠤᠪᠢᠶᠠᠨ ᠪᠥᠲᠥᠭᠡᠨ ᠪᠠᠶᠢᠭᠤᠯᠬᠤ ᠵᠦᠭᠯᠡᠭᠦᠷ ᠢ ᠲᠣᠭᠲᠠᠭᠠᠨ᠎ᠠ᠃ ᠮᠤᠵᠢ ᠶᠢᠨ ᠱᠠᠲᠤᠨ ᠠᠴᠠ ᠲᠣᠰ | ᠣᠷᠣᠨ ᠪᠦᠰᠡ ᠶᠢᠨ ᠲᠥᠯᠥᠪᠵᠢᠭᠦᠯᠭᠡ ᠶᠢᠨ ᠲᠥᠰᠦᠯ ᠢ ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠣᠷᠣᠨ | ᠵᠠᠶ ᠶᠢᠨ ᠪᠠᠶᠢᠷᠢᠰᠢᠭᠤᠯᠤᠯᠲᠠ᠂ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ ᠶᠢᠨ | ᠪᠠᠷᠢᠮᠵᠢᠶ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠶᠢᠨ ᠵᠡᠷᠭᠡ ᠪᠠᠷ ᠬᠦᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ | ᠬᠤᠲᠠ ᠰᠢᠶᠠᠨ ᠤ ᠱᠠᠲᠤ ᠨᠢ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠪᠣᠳᠠᠲᠠᠶ ᠬᠡᠷᠡᠭᠵᠢᠭᠦᠯᠬᠦ ᠲᠥᠰᠦᠯ | ᠨᠡᠶᠢᠲᠡᠯᠡᠵᠦ᠂ ᠪᠦᠳᠦᠬᠡᠨ ᠪᠠᠶᠢᠭᠤᠯᠬᠤ ᠪᠠᠷ ᠪᠠᠶᠢᠭ᠎ᠠ ᠡᠭᠦᠷᠭᠡ᠂ ᠪᠥᠲᠥᠭᠡᠨ ᠪᠠᠶᠢᠭᠤᠯᠬᠤ ᠠᠭᠤᠯᠭ᠎ᠠ ᠪᠠ ᠠᠵᠢᠯ ᠤᠨ | ᠠᠬᠢᠴᠠ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠨ᠎ᠠ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ︵ᠵᠢᠷᠭᠤᠭ᠎ᠠ︶ ᠲᠥᠷᠥᠯ ᠵᠦᠢᠯ ᠤᠨ ᠭᠡᠷᠡᠭᠵᠢᠬᠦᠯᠤᠯᠳᠠ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠵᠤ᠂ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠭᠤᠶᠤᠴᠢᠯᠠᠨ ᠮᠡᠳᠡᠭᠦᠯᠬᠦ ᠪᠠ ᠡᠬᠦᠷᠬᠡ ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠨ ᠤ | ᠬᠠᠷᠠᠯᠲᠠ ᠶᠢᠨ ᠡᠭᠦᠷᠭᠡ ᠪᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠲᠣᠭᠲᠠᠭᠠᠵᠤ᠂ ᠨᠢᠭᠡᠳᠦᠯᠲᠡᠶ ᠵᠠᠳᠠᠯᠵᠤ | ᠲᠤᠷᠤᠬᠰᠢ ᠪᠠᠭᠤᠯᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ | ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠪᠬᠤᠷᠳᠠᠭᠤᠯᠤᠨ ᠬᠢᠨᠠᠨ | ᠵᠥᠪᠰᠢᠶᠡᠷᠡᠬᠦ᠂ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠠᠴᠠ ᠵᠠᠶᠢᠯᠠᠰᠭᠢᠨ᠎ᠠ᠃ ᠲᠥᠷᠥᠯ ᠵᠦᠢᠯ ᠤᠨ ᠬᠠᠤᠯᠢ ᠶᠢᠨ | ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ | ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢ ᠬᠠᠮᠢᠶᠠᠷᠬᠤ ᠳᠦᠷᠢᠮ᠂ ᠲᠥᠷᠥᠯ ᠵᠦᠢᠯ ᠢ ᠢᠯᠡ | ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠣᠩᠭᠤᠬᠤ᠂ ᠲᠥᠷᠥᠯ ᠵᠦᠢᠯ | ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ | ᠪᠠᠷᠢᠬᠤ ᠵᠡᠷᠭᠡ ᠡᠯ᠎ᠡ ᠭᠤᠬᠴᠤᠭ᠎ᠠ ᠪᠣᠭᠤᠮᠲᠠ ᠶᠢ ᠴᠢᠩᠭ᠎ᠠ ᠠᠳᠬᠤᠵᠤ᠂ ᠠᠵᠢᠯ ᠢ ᠳᠥᠭᠦᠮᠴᠢᠯᠡᠨ ᠮᠠᠲ᠋ᠧᠷᠢᠶᠠᠯ ᠢ | ᠬᠠᠰᠤᠬᠤ᠂ ᠢᠨᠵᠧᠨᠧᠷᠢᠩ ᠤᠨ ᠠᠵᠢᠯ ᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠶᠠᠰᠤ ᠴᠢᠨᠠᠷ ᠤᠨ ᠠᠰᠠᠭᠤᠳᠠᠯ | ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠠ᠃ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠬᠤᠯᠪᠤᠬᠳᠠᠯ ᠪᠥᠬᠦᠶ ᠨᠢᠭᠡᠴᠢ ᠶᠢᠨ ᠬᠢᠷᠢ ᠬᠡᠮ ᠤᠨ ᠨᠥᠬᠦᠴᠡᠯ ᠱᠠᠭᠠᠷᠳᠠᠯᠭ᠎ᠠ ᠶᠢ ᠴᠢᠩᠳᠠᠯᠠᠵᠤ᠂ | ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠨᠢᠭᠡᠴᠢ | ᠪᠠ ᠬᠤᠪᠢ ᠬᠥᠮᠦᠨ ᠤ ᠣᠷᠣᠯᠴᠠᠬᠤ ᠶᠢ ᠬᠢᠵᠠᠭᠠᠷᠯᠠᠨ᠎ᠠ᠃ | ︵ᠳᠣᠯᠤᠭ᠎ᠠ︶ ᠪᠠᠯᠠ ᠮᠥᠩᠭᠦ ᠶᠢᠨ ᠬᠢᠨᠡᠯᠳᠠ ᠬᠠᠮᠢᠶᠠᠷᠤᠯᠳᠠ᠃ ᠡᠯ᠎ᠡ ᠭᠠᠵᠠᠷ ᠤᠨ ᠬᠢᠨ ᠲᠥᠰᠦᠪ ᠤᠨ | ᠬᠠᠮᠢᠶᠠᠷᠤᠯᠲᠠ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠲᠦᠷᠢᠮ ᠲᠣᠭᠲᠠᠭᠠᠯ ᠢ | ᠦᠨᠳᠦᠰᠦᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ | ᠴᠠᠭ ᠤᠨ ᠬᠢᠵᠠᠭᠠᠷ ᠶᠣᠰᠣᠭᠠᠷ ᠰᠠᠯᠭᠠᠨ ᠵᠠᠳᠠᠯᠵᠤ ᠪᠠᠭᠤᠯᠭᠠᠨ᠂ ᠬᠥᠮᠥᠷᠭᠡ ᠶᠢᠨ ᠵᠣᠭᠤᠰ ᠢ ᠵᠦᠶ ᠵᠣᠬᠢᠰᠲᠠᠶ | ᠳᠣᠭᠢᠷᠠᠭᠤᠯᠤᠨ᠂ ᠭᠡᠷ᠎ᠡ ᠳᠤ ᠪᠣᠯᠵᠤᠨ ᠲᠤᠬᠳᠠᠬᠰᠠᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠦᠨᠳᠦᠰᠦᠯᠡᠨ ᠥᠭᠴᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠶ᠃ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠰᠡᠷᠡᠮᠵᠢᠯᠡᠭᠦᠯᠬᠦ ᠬᠢᠨᠠᠨ ᠡᠵᠡᠮᠳᠡᠬᠦ᠂ | ᠲᠤᠰᠬᠠᠶ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠰᠦᠪ ᠢ ᠴᠠᠭ ᠲᠤᠬᠠᠶ ᠳᠤᠨᠢ ᠪᠠᠭᠤᠯᠭᠠᠭᠰᠠᠨ ᠦᠭᠡᠶ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠤᠰᠤᠭᠠᠷ ᠥᠭᠭᠦᠭᠰᠡᠨ ᠦᠭᠡᠶ ᠵᠡᠷᠭᠡ ᠠᠰᠠᠭᠤᠳᠠᠯ ᠢ | ᠴᠠᠭ ᠲᠤᠬᠠᠶ ᠳᠤᠨᠢ ᠰᠠᠨᠠᠭᠤᠯᠬᠤ ᠪᠠ ᠵᠠᠯᠠᠷᠠᠭᠤᠯᠵᠤ᠂ ᠰᠢᠯᠵᠢᠬᠦᠯᠦᠨ ᠥᠭᠬᠦ ᠪᠠᠷ ᠵᠠᠷᠤᠯᠭ᠎ᠠ ᠶᠢ ᠣᠷᠣᠯᠠᠭᠤᠯᠬᠤ᠂ | ᠮᠡᠬᠡᠯᠡᠨ ᠠᠪᠴᠤ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠡᠢ᠃ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ ᠨᠢ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ | ᠤᠯᠤᠰ ᠤᠨ ᠬᠥᠮᠥᠷᠭᠡ ᠶᠢᠨ ᠳᠠᠩ ᠭᠠᠭᠴᠠ ᠳᠠᠩᠰᠠᠠ ᠡᠷᠦᠬᠡ ᠶᠢᠨ ᠳᠣᠣᠷ᠎ᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠶ ᠬᠤᠪᠢᠶᠠᠷᠢ ᠳᠠᠩᠰᠠᠠ ᠡᠷᠦᠬᠡ ᠪᠠᠶᠢᠭᠤᠯᠵᠤ | ᠂ ᠲᠤᠰᠬᠠᠶ ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠶ ᠳᠠᠩᠰᠠ ᠪᠠᠷ ᠰᠢᠯᠵᠢᠭᠦᠯᠦᠨ ᠥᠭᠬᠦ᠂ ᠲᠤᠰᠬᠠᠶ ᠳᠠᠩᠰᠠ ᠪᠠᠷ | ᠢᠯᠭᠠᠷᠠᠭᠤᠯᠤᠨ ᠪᠣᠳᠣᠬᠤ ᠶᠢ ᠪᠡᠶᠡᠯᠡᠭᠦᠯᠵᠦ᠂ ᠪᠡᠯᠡ ᠮᠥᠩᠭᠦ ᠶᠢ ᠦᠨᠡᠨ ᠬᠦ ᠲᠠᠷᠢᠶᠠᠨ ᠭᠠᠵᠠᠷ ᠲᠤ ᠬᠡᠷᠡᠭᠯᠡᠬᠦ ᠶᠢ | ᠪᠠᠶᠠᠯᠡᠬᠦᠯᠵᠤ ᠪᠤᠯᠤᠨ᠎ᠠ᠃ | ︵ᠨᠠᠢᠮᠠ︶ ᠪᠠᠷᠢᠯᠭ᠎ᠠ ᠳᠠᠭᠤᠰᠬᠠᠵᠤ ᠰᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ | ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠰᠢᠯᠭᠠᠨ ᠠᠪᠬᠤ | ᠭᠤᠭᠴᠤᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠰᠢᠶᠠᠨ ᠤ ᠱᠠᠲᠤᠨ ᠤ ᠠᠩᠬᠠᠨ ᠤ ᠬᠢᠨᠠᠨ ᠰᠢᠯᠭᠠᠯᠲᠠ᠂ | ᠬᠤᠲᠠ ᠶᠢᠨ ᠱᠠᠲᠤᠨ ᠠᠴᠠ ᠰᠢᠯᠭᠠᠨ ᠠᠪᠬᠤ᠂ ᠮᠤᠵᠢ ᠶᠢᠨ ᠱᠠᠲᠤᠨ ᠠᠴᠠ ᠰᠤᠭᠤᠴᠢᠨ ᠪᠠᠶᠢᠴᠠᠭᠠᠬᠤ ᠲᠠᠰ | ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ | ᠡᠰᠡᠬᠦ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠴᠢᠳᠠᠪᠤᠷᠢ ᠪᠠ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠵᠢᠴᠢ ᠲᠤᠷᠰᠢᠨ ᠬᠡᠷᠡᠭᠯᠡᠬᠦ ᠦᠷ᠎ᠡ ᠳ᠋ᠦᠩ᠂ ᠣᠯᠠᠨ ᠲᠦᠮᠡᠨ ᠤ ᠬᠠᠨᠤᠮᠵᠢ ᠲᠠᠢ | ᠪᠠᠶᠢᠬᠤ ᠬᠡᠮᠵᠢᠶ᠎ᠡ ᠵᠡᠷᠭᠡ ᠶᠢ ᠪᠦᠲᠦᠮᠵᠢᠲᠡᠶ ᠳᠡᠭᠡᠭᠰᠢᠯᠡᠭᠦᠯᠵᠦ ᠳᠡᠶᠢᠯᠬᠦ ᠡᠰᠡᠬᠦ ᠪᠠᠷ ᠰᠢᠯᠭᠠᠨ ᠠᠪᠬᠤ ᠶᠢᠨ ᠴᠢᠬᠤᠯᠠ | ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠰᠢᠯᠭᠠᠨ ᠠᠪᠤᠬᠰᠡᠨ ᠤ ᠳᠠᠷᠠᠭ᠎ᠠ᠂ ᠢᠨᠵᠧᠨᠧᠷᠢᠩ ᠤᠨ ᠲᠤᠨᠤᠭ | ᠲᠦᠬᠦᠭᠡᠷᠤᠮᠵᠢ ᠶᠢᠨ ᠥᠮᠴᠢᠯᠡᠯ ᠤᠨ ᠡᠷᠬᠡ ᠶᠢ ᠴᠠᠭ ᠲᠤᠬᠠᠶ ᠳᠤᠨᠢ ᠲᠣᠳᠣᠷᠬᠠᠶᠢᠯᠠᠵᠤ᠂ ᠵᠠᠰᠠᠭ ᠤᠨ ᠣᠷᠳᠣᠨ ᠠᠴᠠ | ᠪᠡᠯᠡ ᠣᠷᠣᠭᠤᠯᠵᠤ ᠪᠤᠢ ᠪᠤᠯᠤᠬᠰᠠᠨ ᠡᠷᠬᠡ ᠶᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠣᠷᠣᠨ ᠤ ᠭᠠᠵᠠᠷ | ᠰᠢᠷᠣᠶ ᠶᠢᠨ ᠥᠮᠴᠢᠯᠡᠭᠴᠢ ᠳᠤ ᠥᠮᠴᠢᠯᠡᠭᠳᠡᠨᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ︵ᠶᠢᠰᠦ︶ ᠪᠦᠬᠦ ᠶᠠᠪᠤᠴᠠ ᠳᠤ ᠬᠢᠨᠠᠯᠲᠠ ᠲᠠᠯᠪᠢᠬᠤ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠤᠨ ᠵᠤᠷᠰᠢᠯᠲᠤ | ᠪᠠᠶᠢᠴᠠᠭᠠᠯᠲᠠ ᠶᠢᠨ ᠲᠦᠷᠢᠮ ᠢ ᠲᠤᠭᠳᠠᠭᠠᠵᠤ᠂ ᠤᠯᠤᠰ ᠪᠠ ᠮᠤᠵᠢ ᠶᠢᠨ ᠱᠠᠲᠤᠨ ᠳᠤ ᠪᠠᠶᠢᠩᠭᠤ ᠶᠢᠨ ᠰᠤᠭᠤᠴᠢᠨ | ᠪᠠᠶᠢᠴᠠᠭᠠᠯᠲᠠ ᠶᠢ ᠥᠷᠨᠢᠭᠦᠯᠦᠨ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠵᠦ᠂ | ᠨᠡᠶᠢᠲᠡᠯᠢᠭ ᠠᠰᠠᠭᠤᠳᠠᠯ ᠢ ᠢᠯᠡ ᠨᠡᠶᠢᠳᠡᠯᠡᠨ᠎ᠠ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ | ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠲᠠᠷᠢᠶᠠᠴᠢᠨ ᠤᠯᠠᠨ ᠲᠦᠮᠡᠨ ᠪᠠ | ᠵᠠᠭᠤᠴᠢᠯᠠᠭᠤᠷ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ | ᠲᠠᠯᠪᠢᠬᠤ ᠦᠢᠯᠡᠴᠢᠯᠡᠭᠡᠨ ᠤ ᠤᠲᠠᠰᠤ᠂ ︽ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ | ᠰᠡᠬᠦᠳᠡᠷᠯᠡᠵᠤ ᠰᠢᠩᠭᠡᠭᠡᠬᠦ︾ ᠵᠢᠵᠢᠭ ᠫᠷᠤᠭ᠍ᠷᠠᠮ ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠠ᠃ | ᠪᠥᠬᠦ ᠤᠯᠤᠰ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠬᠢᠨᠠᠨ ᠬᠡᠮᠵᠢᠵᠦ ᠬᠢᠨᠠᠨ | ᠬᠠᠮᠢᠶᠠᠷᠬᠤ ᠲᠠᠪᠴᠠᠩ ᠳᠤ ᠲᠦᠰᠢᠭᠯᠡᠨ᠂ ᠲᠥᠷᠥᠯ ᠵᠦᠢᠯ ᠢᠶᠠᠷ ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ | ᠬᠡᠷᠡᠭᠯᠡᠬᠦ ᠵᠡᠷᠭᠡ ᠡᠯ᠎ᠡ ᠱᠠᠲᠤ ᠦᠶ᠎ᠡ ᠶᠢᠨ ᠬᠤᠯᠪᠤᠬᠳᠠᠯ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠵᠢᠷᠤᠭ | ᠪᠤᠯᠭᠠᠨ ᠬᠥᠮᠥᠷᠭᠡ ᠳᠤ ᠣᠷᠣᠭᠤᠯᠤᠨ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠦᠢᠯᠡᠴᠢᠯᠡᠭᠡ ᠶᠢ | ᠴᠢᠩᠭᠠᠳᠬᠠᠵᠤ᠂ ᠠᠵᠢᠯ ᠡᠷᠭᠢᠯᠡᠬᠦ ᠭᠤᠤᠯ ᠴᠣᠭᠴᠠ ᠶᠢᠨ ᠬᠠᠤᠯᠢ ᠶᠣᠰᠣᠭᠠᠷ ᠠᠵᠢᠯ ᠲᠥᠷᠥᠯ ᠤᠨ ᠨᠡᠶᠢᠭᠡᠮᠯᠢᠭ ᠵᠡᠷᠭᠡ | ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ | ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠷᠭᠢᠯᠡᠬᠦ | ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠵᠦ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠤᠯᠪᠤᠬᠳᠠᠯ ᠪᠦᠬᠦᠢ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ | ᠪᠦᠷᠢᠨᠰᠢᠭᠦᠯᠬᠦ ᠶᠢ ᠠᠬᠢᠭᠤᠯᠤᠨ᠎ᠠ᠃ | ᠳᠥᠷᠪᠡ᠂ ᠡᠵᠡᠩᠨᠡᠨ ᠬᠠᠮᠢᠶᠠᠷᠴᠤ ᠬᠠᠮᠠᠭᠠᠯᠠᠬᠤ | ︵ᠠᠷᠪᠠ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠭᠤᠤᠯ ᠴᠣᠭᠴᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠬᠠᠷᠢᠶ᠎ᠠ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ | ᠪᠣᠳᠠᠲᠠᠶᠢᠵᠢᠭᠤᠯᠵᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠳᠠ ᠶᠢᠨ ᠠᠭᠤᠯᠭ᠎ᠠ ᠪᠠ ᠪᠠᠷᠢᠮᠵᠢᠶ᠎ᠠ ᠶᠢ | ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠲᠤᠨᠤᠭ ᠲᠦᠬᠦᠭᠡᠷᠤᠮᠵᠢ ᠶᠢᠨ ᠰᠢᠶᠠᠨ ᠤ ᠱᠠᠲᠤᠨ ᠤ ᠵᠠᠰᠠᠭ ᠤᠨ | ᠣᠷᠳᠣᠨ ᠨᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠤᠬᠳᠠᠯ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠤᠰᠤᠯᠠᠯᠲᠠ ᠶᠢᠨ ᠤᠰᠤ ᠭᠠᠳᠠᠭᠰᠢᠯᠠᠭᠤᠯᠬᠤ᠂ ᠴᠠᠬᠢᠯᠭᠠᠨ ᠳᠠᠮᠵᠢᠭᠤᠯᠵᠤ | ᠲᠤᠬᠢᠷᠠᠭᠤᠯᠬᠤ ᠵᠡᠷᠭᠡ ᠢᠨᠵᠧᠨᠧᠷᠢᠩ ᠤᠨ ᠲᠤᠨᠤᠭ ᠲᠦᠬᠦᠭᠡᠷᠤᠮᠵᠢ ᠶᠢᠨ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢ ᠬᠢᠨᠠᠨ ᠬᠠᠮᠢᠶᠠᠷᠬᠤ ᠪᠠ ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠠᠢ᠃ ᠬᠠᠷᠢᠭᠤᠴᠠᠯᠭ᠎ᠠ ᠡᠷᠬᠡ ᠶᠢ | ᠨᠢᠭᠡᠳᠦᠯᠲᠡᠶ ᠪᠠᠶᠢᠯᠭᠠᠬᠤ᠂ ᠬᠠᠷᠢᠭᠤᠴᠠᠯᠭ᠎ᠠ ᠴᠢᠳᠠᠪᠤᠷᠢ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠰᠢᠶᠠᠩ | ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠳᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠲᠠᠬᠢ ᠡᠳᠦᠷ ᠲᠤᠲᠤᠮ ᠤᠨ | ᠬᠡᠷᠡᠭᠯᠡᠬᠦ ᠨᠣᠷᠮ᠎ᠠ ᠪᠠᠷ ᠥᠨᠳᠥᠷ ᠪᠠᠶᠢᠳᠠᠭ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ | ᠲᠤᠨᠤᠭ ᠲᠦᠬᠦᠭᠡᠷᠤᠮᠵᠢ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ | ᠴᠣᠭᠴᠠ ᠶᠢᠨ ᠪᠡᠶ᠎ᠡ ᠪᠠᠨ ᠳᠠᠭᠠᠭᠠᠵᠤ ᠪᠡᠯᠡ ᠤᠷᠤᠭᠤᠯᠵᠤ ᠪᠠᠯᠠ ᠴᠤᠭᠯᠠᠭᠤᠯᠬᠤ᠂ ᠦᠢᠯᠡᠴᠢᠯᠡᠭᠡ ᠬᠤᠳᠠᠯᠳᠤᠨ | ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠡᠳᠦᠷ ᠲᠤᠲᠤᠮ ᠤᠨ ᠡᠵᠡᠩᠨᠡᠵᠤ ᠬᠠᠮᠢᠶᠠᠷᠤᠠ ᠬᠠᠮᠠᠭᠠᠯᠠᠬᠤ ᠶᠢ | ᠳᠡᠮᠵᠢᠨ᠎ᠠ᠃ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠠᠵᠢᠯᠲᠠᠨ ᠳᠤ ᠮᠡᠷᠭᠡᠵᠢᠯ ᠤᠨ ᠵᠢᠯᠣᠭᠤᠳᠣᠯᠭ᠎ᠠ | ᠬᠠᠩᠭᠠᠬᠤ᠂ ᠪᠣᠯᠪᠠᠰᠤᠷᠠᠯ ᠬᠦᠷᠳᠡᠬᠡᠬᠦ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠵᠠᠭᠪᠤᠷ᠃ ᠡᠯ᠎ᠡ ᠭᠠᠵᠠᠷ ᠤᠨ ᠬᠢᠨ | ᠪᠣᠳᠠᠲᠠᠶ ᠲᠠᠢ ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢᠨ ᠵᠠᠭᠪᠤᠷ ᠢ ᠰᠦᠪᠡᠭᠴᠢᠯᠡᠵᠦ ᠪᠣᠯᠤᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ | ᠠᠪᠬᠤ ᠪᠤᠶᠤ ᠠᠵᠢᠯ ᠲᠥᠷᠥᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠰᠤᠨ | ᠬᠠᠭᠠᠯᠲᠠ᠂ ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠤᠨᠤᠭ ᠲᠦᠬᠦᠭᠡᠷᠤᠮᠵᠢ ᠵᠡᠷᠭᠡ ᠮᠡᠷᠭᠡᠵᠢᠯ ᠤᠨ | ᠴᠢᠨᠠᠷ ᠢᠶᠠᠷ ᠨᠡᠯᠢᠶᠡᠳ ᠴᠢᠩᠭ᠎ᠠ ᠲᠤᠨᠤᠭ ᠲᠥᠬᠦᠭᠡᠷᠦᠮᠵᠢ ᠳᠤ ᠲᠤᠰᠬᠠᠶᠢᠵᠢᠭᠰᠠᠨ ᠬᠠᠮᠠᠭᠠᠯᠠᠯᠲᠠ ᠬᠢᠬᠦ ᠶᠢ | ᠵᠣᠷᠢᠭᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ ᠳᠠᠭᠠᠳᠬᠠᠯ ᠳᠤ ᠤᠷᠤᠬᠤ ᠶᠢ ᠵᠣᠷᠢᠭᠵᠢᠭᠤᠯᠤᠨ᠂ | ᠳᠠᠭᠠᠳᠬᠠᠯ ᠢ ᠳᠠᠭᠠᠭᠠᠴᠢᠯᠠᠭᠰᠠᠨ ᠪᠠᠶᠢᠭᠤᠯᠤᠮᠵᠢ ᠠᠴᠠ ᠲᠤᠰᠬᠠᠶ ᠬᠦᠴᠦᠨ ᠢ ᠵᠣᠬᠢᠶᠠᠨ ᠪᠠᠶᠢᠭᠤᠯᠤᠨ ᠵᠢᠷᠤᠭᠯᠠᠨ | ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠣᠯ ᠴᠣᠭᠴᠠ ᠳᠤ ᠬᠢᠨᠠᠯᠲᠠ ᠲᠠᠯᠪᠢᠬᠤ ᠶᠢ | ᠳᠡᠮᠵᠢᠵᠦ᠂ ᠢᠨᠵᠧᠨᠧᠷᠢᠩ ᠤᠨ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ᠂ ᠢᠨᠵᠧᠨᠧᠷᠢᠩ ᠤᠨ ᠡᠵᠡᠩᠨᠡᠯᠳᠠ | ᠬᠠᠮᠢᠶᠠᠷᠤᠯᠳᠠ ᠬᠠᠮᠠᠭᠠᠯᠠᠯᠳᠠ ᠶᠢᠨ ᠠᠰᠠᠭᠤᠳᠠᠯ ᠳᠤ ᠴᠠᠭ ᠲᠤᠬᠠᠢ ᠳᠤᠨᠢ ᠲᠦᠯᠦᠪᠤᠷᠢ ᠦᠭᠬᠦᠨ ᠰᠢᠢᠳᠪᠦᠷᠢᠯᠡᠨ᠎ᠡ᠃ | ︵ᠠᠷᠪᠠᠨ ᠬᠤᠶᠠᠷ︶ ᠬᠠᠮᠠᠭᠠᠯᠠᠵᠤ ᠠᠰᠢᠭᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠩᠭ᠎ᠠ | ᠬᠠᠮᠠᠭᠠᠯᠠᠵᠤ᠂ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠵᠡᠯᠡᠨ ᠬᠡᠷᠡᠭᠯᠡᠬᠦ ᠶᠢ ᠬᠠᠤᠯᠢ | ᠶᠣᠰᠣᠭᠠᠷ ᠵᠥᠪᠰᠢᠶᠡᠷᠡᠭᠦᠯᠦᠭᠰᠡᠨ ᠪᠣᠯ᠂ ᠡᠯ᠎ᠡ ᠭᠠᠵᠠᠷ ᠤᠨ ᠬᠢᠨ ᠨᠥᠬᠦᠵᠦ ᠪᠦᠳᠦᠬᠡᠨ ᠪᠠᠶᠢᠭᠤᠯᠬᠤ ᠶᠠᠪᠤᠳᠠᠯ ᠢ ᠴᠠᠭ | ᠲᠤᠬᠠᠶ ᠳᠤᠨᠢ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠦᠭᠡᠶ᠂ ᠶᠠᠰᠤ ᠴᠢᠨᠠᠷ ᠢ ᠨᠢ | ᠪᠠᠭᠤᠷᠠᠭᠤᠯᠬᠤ ᠦᠭᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ | ᠬᠤᠪᠢ ᠬᠥᠮᠦᠨ ᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠨᠤᠭ ᠲᠦᠬᠦᠭᠡᠷᠦᠮᠵᠢ ᠶᠢ ᠡᠪᠳᠡᠨ | ᠰᠦᠢᠳᠭᠡᠵᠦ ᠪᠣᠯᠬᠤ ᠥᠬᠡᠶ᠂ ᠭᠠᠮᠰᠢᠭ ᠠᠴᠠ ᠪᠣᠯᠵᠣ ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠣᠨ ᠤ ᠥᠭᠡᠷᠡᠴᠢᠯᠡᠨ ᠰᠠᠶᠢᠵᠢᠷᠠᠭᠤᠯᠵᠤ ᠪᠥᠲᠥᠭᠡᠨ ᠪᠠᠶᠢᠭᠤᠯᠬᠤ ᠡᠭᠦᠷᠭᠡ ᠳᠤ ᠣᠷᠣᠭᠤᠯᠤᠨ ᠴᠠᠭ ᠲᠤᠬᠠᠶ ᠳᠤᠨᠢ | ᠰᠡᠯᠪᠢᠨ ᠰᠡᠷᠭᠦᠭᠡᠬᠦ ᠪᠤᠶᠤ ᠨᠥᠬᠦᠵᠦ ᠪᠦᠳᠦᠬᠡᠨ ᠪᠠᠶᠢᠭᠤᠯᠬᠤ ᠬᠡᠷᠡᠭᠲᠡᠶ᠃ ᠲᠠᠷᠢᠶᠠᠨ ᠭᠠᠵᠠᠷ ᠤᠨ ᠨᠡᠮᠡᠯᠲᠡ | ᠪᠣᠷᠲᠣᠭᠤᠷ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠵᠠᠷ ᠤᠨ ᠬᠦᠴᠤ ᠰᠢᠮ᠎ᠡ | ᠮᠠᠭᠤᠳᠠᠬᠤ ᠶᠢ ᠰᠡᠷᠭᠡᠶᠢᠯᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠵᠤ ᠦᠢᠯᠡᠳᠪᠦᠷᠢ ᠶᠢᠨ | ᠬᠠᠶᠠᠭᠳᠠᠮᠠᠯ ᠡᠳ᠋ ᠵᠡᠷᠭᠡ ᠶᠢ ᠭᠠᠳᠠᠭᠰᠢᠯᠠᠭᠤᠯᠬᠤ᠂ ᠴᠢᠳᠬᠤᠬᠤ᠂ ᠲᠠᠷᠢᠶᠠᠨ ᠭᠠᠵᠠᠷ ᠲᠤ ᠬᠠᠳᠠᠭᠠᠯᠠᠨ ᠲᠠᠯᠪᠢᠬᠤ ᠶᠢ | ᠴᠢᠩᠭ᠎ᠠ ᠴᠠᠭᠠᠵᠠᠯᠠᠨ᠎ᠠ᠃ | ᠲᠠᠪᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ | ︵ᠠᠷᠪᠠᠨ ᠭᠤᠷᠪᠠ︶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠨᠥᠬᠦᠪᠥᠷᠢᠯᠡᠨ | ᠬᠤᠪᠢᠶᠠᠷᠢᠯᠠᠬᠤ ᠲᠣᠬᠢᠷᠠᠭᠤᠯᠤᠯᠲᠠ᠃ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠨ | ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢᠯᠡᠨ ᠬᠤᠪᠢᠶᠠᠷᠢᠯᠠᠬᠤ᠂ ᠲᠣᠬᠢᠷᠠᠭᠤᠯᠬᠤ | ᠶᠠᠪᠤᠴᠠ ᠶᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ ᠢᠶᠠᠷ ᠰᠠᠶᠢᠨ᠂ ᠦᠢᠯᠡᠳᠪᠦᠷᠢᠯᠡᠯ ᠤᠨ ᠳᠠᠯᠳᠠ | ᠬᠦᠴᠦᠨ ᠢᠶᠠᠷ ᠶᠡᠭᠡ᠂ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠪᠠᠶᠢᠬᠤ | ᠥᠬᠡᠶ ᠲᠠᠷᠢᠶᠠᠨ ᠭᠠᠵᠠᠷ ᠳᠡᠭᠡᠷ᠎ᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠱᠠᠭᠠᠷᠳᠠᠯᠭ᠎ᠠ | ᠶᠣᠰᠣᠭᠠᠷ ᠴᠠᠭ ᠲᠤᠬᠠᠶ ᠳᠤᠨᠢ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠪᠣᠯᠭᠠᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠲᠣᠭᠲᠠᠭᠠᠬᠤ | ᠨᠥᠬᠦᠴᠡᠯ ᠳᠤ ᠨᠡᠶᠢᠴᠡᠬᠦ ᠥᠬᠡᠶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠲᠦᠷ | ᠬᠤᠶᠢᠰᠢᠯᠠᠭᠤᠯᠤᠨ ᠪᠥᠲᠥᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠦᠨᠡᠯᠡᠵᠦ ᠲᠣᠬᠢᠷᠠᠭᠤᠯᠬᠤ ᠲᠠᠢ ᠤᠶᠠᠯᠳᠤᠭᠤᠯᠤᠨ᠂ ᠢᠯᠭᠠᠨ ᠲᠣᠭᠲᠠᠭᠠᠬᠤ ᠱᠠᠭᠠᠷᠳᠠᠯᠭ᠎ᠠ ᠳᠤ | ᠨᠡᠶᠢᠴᠡᠬᠦ ᠥᠬᠡᠶ ᠬᠡᠰᠡᠭ ᠭᠠᠵᠠᠷ ᠢ ᠬᠠᠤᠯᠢ ᠶᠣᠰᠣᠭᠠᠷ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ | ᠭᠠᠵᠠᠷ ᠠᠴᠠ ᠰᠢᠯᠵᠢᠭᠦᠯᠦᠨ ᠭᠠᠷᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠳᠤ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠲᠠᠷᠢᠶᠠᠨ | ᠭᠠᠵᠠᠷ ᠤᠨ ᠰᠠᠭᠤᠷᠢ ᠲᠦᠬᠦᠭᠡᠷᠦᠮᠵᠢ ᠠᠴᠠ ᠪᠣᠯᠵᠣ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ | ᠪᠠᠭ᠎ᠠ ᠬᠡᠮᠵᠢᠶ᠎ᠡ ᠪᠠᠷ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠪᠥᠲᠥᠭᠡᠨ ᠪᠠᠶᠢᠭᠤᠯᠬᠤ ᠠᠴᠠ ᠡᠮᠦᠨ᠎ᠡ ᠪᠠ | ᠬᠤᠶᠢᠨᠠᠬᠢ ᠲᠥᠷᠥᠯ ᠵᠦᠢᠯ ᠤᠨ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ | ᠪᠠᠭᠠᠰᠬᠠᠵᠤ ᠪᠣᠯᠬᠤ ᠥᠬᠡᠶ᠂ ᠦᠨᠡᠬᠡᠷ ᠪᠠᠭ᠎ᠠ ᠬᠡᠮᠵᠢᠶ᠎ᠡ ᠪᠠᠷ ᠪᠠᠭᠠᠰᠬᠠᠬᠤ ᠴᠢᠬᠤᠯᠠᠲᠠᠶ ᠪᠠᠶᠢᠪᠠᠯ᠂ ᠰᠢᠶᠠᠨ ᠤ | ᠱᠠᠲᠤᠨ ᠤ ᠵᠠᠰᠠᠭ ᠤᠨ ᠣᠷᠳᠣᠨ ᠠᠴᠠ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ | ᠲᠣᠬᠢᠷᠠᠭᠤᠯᠤᠯᠲᠠ ᠬᠢᠵᠦ ᠨᠥᠬᠦᠪᠥᠷᠢᠯᠡᠨ ᠬᠤᠪᠢᠶᠠᠷᠢᠯᠠᠬᠤ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ | ᠵᠣᠬᠢᠶᠠᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ | ᠳᠠᠩᠰᠠᠯᠠᠭᠤᠯᠬᠤ ᠲᠠᠰ ᠳᠠᠷᠠᠭᠠᠯᠠᠯ ᠢ ᠭᠦᠢᠴᠡᠳᠭᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠢ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠲᠠᠷᠢᠶᠠᠨ ᠭᠠᠵᠠᠷ ᠤᠨ ᠰᠠᠭᠤᠷᠢ ᠲᠦᠬᠦᠭᠡᠷᠦᠮᠵᠢ ᠶᠢᠨ | ᠶᠣᠰᠣᠭᠠᠷ ᠭᠠᠵᠠᠷ ᠰᠢᠷᠦᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠥᠬᠡᠶ᠃ | ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠢᠵᠢ ᠪᠦᠷᠢᠳᠦᠭᠦᠯᠬᠦ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠠ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ | ᠬᠡᠷᠡᠭᠵᠢᠭᠦᠯᠦᠨ᠎ᠡ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ | ᠂ ᠤᠰᠤ ᠪᠠᠷ ᠭᠠᠵᠠᠷ ᠰᠢᠷᠣᠶ ᠶᠢ ᠲᠣᠭᠲᠠᠭᠠᠵᠤ᠂ ᠤᠰᠤᠯᠠᠯᠲᠠ ᠶᠢᠨ ᠬᠥᠭᠵᠢᠯᠲᠡ ᠶᠢᠨ ᠬᠡᠪᠴᠢᠶ᠎ᠡ ᠵᠢᠴᠢ | ᠪᠠᠶᠢᠷᠢᠰᠢᠭᠤᠯᠤᠯᠳᠠ ᠶᠢ ᠵᠦᠶ ᠵᠣᠬᠢᠰᠲᠠᠶ ᠲᠣᠭᠲᠠᠭᠠᠨ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠯᠤᠭ᠎ᠠ | ᠬᠠᠷᠢᠯᠴᠠᠨ ᠲᠣᠬᠢᠷᠠᠯᠴᠠᠭᠤᠯᠤᠨ᠎ᠠ᠃ ᠠᠳᠠᠯᠢ ᠪᠤᠰᠤ ᠲᠥᠷᠥᠯ ᠬᠡᠯᠪᠡᠷᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠨ | ᠭᠠᠵᠠᠷ ᠤᠨ ᠪᠠᠷᠢᠯᠭ᠎ᠠ ᠬᠢᠭᠡᠳ ᠤᠰᠤᠨ ᠰᠤᠷᠪᠤᠯᠵᠢ ᠶᠢᠨ ᠪᠠᠷᠢᠯᠭ᠎ᠠ᠂ ᠭᠤᠣᠯ ᠤᠰᠤᠨ ᠠᠰᠢᠭᠯᠠᠯᠲᠠ ᠶᠢᠨ | ᠪᠠᠷᠢᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠵᠢᠴᠢ ᠣᠳᠣᠬᠢᠴᠢᠯᠠᠯᠳᠠ ᠶᠢᠨ ᠥᠭᠡᠷᠡᠴᠢᠯᠡᠯᠲᠡ ᠶᠢ ᠲᠦᠷᠭᠡᠳᠭᠡᠨ | ᠠᠬᠢᠭᠤᠯᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ᠨᠥᠬᠦᠴᠡᠯ ᠢᠶᠠᠷ ᠲᠣᠬᠢᠷᠠᠮᠵᠢᠲᠠᠶ ᠭᠠᠵᠠᠷ ᠣᠷᠣᠨ ᠳᠤ ᠨᠢᠭᠡ | ᠪᠦᠯᠦᠭ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠠᠷᠢᠶᠠᠨ ᠭᠠᠵᠠᠷ ᠤᠨ | ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠪᠡᠯᠡ ᠮᠥᠩᠭᠦ ᠣᠷᠣᠭᠤᠯᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ | ᠲᠣᠭᠲᠡᠴᠡ ᠶᠢ ᠪᠦᠷᠢᠨᠰᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤ ᠪᠠᠷ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ | ᠬᠠᠩᠭᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠣᠷᠣᠨ ᠨᠤᠲᠤᠭ ᠤᠨ ᠣᠷᠣᠭᠤᠯᠤᠯᠲᠠ ᠶᠢᠨ ᠭᠤᠣᠯ | ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ | ᠲᠤᠬᠢᠷᠠᠭᠤᠯᠵᠤ ᠪᠠᠶᠢᠭᠠᠳ ᠨᠥᠬᠦᠴᠡᠯ ᠳᠤ ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠳᠡᠮᠵᠢᠬᠦ ᠶᠢ ᠵᠥᠪᠰᠢᠶᠡᠷᠡᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢ ᠬᠥᠲᠥᠯᠥᠨ | ᠵᠢᠯᠣᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ ᠤᠷᠢᠲᠠᠯ ᠳᠤᠤᠷ᠎ᠠ᠂ ᠵᠢᠭᠡᠯᠡᠯᠭᠡ ᠶᠢᠨ ᠬᠦᠦ | ᠮᠦᠩᠬᠦ ᠶᠢᠨ ᠨᠦᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠥᠩᠭᠦᠨ ᠭᠦᠢᠯᠭᠡᠭᠡᠨ᠂ ᠨᠡᠶᠢᠭᠡᠮ ᠤᠨ ᠪᠠᠯᠠ | ᠣᠷᠣᠭᠤᠯᠤᠯᠲᠠ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠶᠢᠨ ᠪᠠᠯᠠ | ᠣᠷᠣᠭᠤᠯᠵᠤ ᠪᠦᠳᠦᠬᠡᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠶᠢ ᠰᠦᠪᠡᠭᠴᠢᠯᠡᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ | ᠡᠵᠡᠮᠳᠡᠵᠦ ᠪᠣᠯᠬᠤ ᠤᠷᠢᠲᠠᠯ ᠳᠤᠤᠷ᠎ᠠ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠪᠠᠷ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ | ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠴᠤᠭᠯᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠲᠦᠮᠡᠨ | ᠣᠷᠣᠯᠴᠠᠬᠤ ᠠᠵᠢᠯ ᠤᠨ ᠲᠣᠭᠲᠡᠴᠡ ᠶᠢ ᠬᠡᠷᠡᠭᠵᠢᠭᠦᠯᠦᠨ᠎ᠡ᠃ ᠲᠥᠪ ᠤᠨ ᠲᠠᠪᠬᠤᠷᠭ᠎ᠠ ᠠᠴᠠ ᠲᠦᠷᠢᠮ ᠤᠨ ᠵᠢᠷᠤᠭ | ᠲᠥᠯᠥᠪᠯᠡᠭᠡ᠂ ᠶᠡᠷᠦᠩᠬᠡᠶ ᠲᠥᠯᠥᠪᠵᠢᠭᠦᠯᠭᠡ᠂ ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ᠂ | ᠣᠷᠣᠭᠤᠯᠤᠯᠲᠠ ᠶᠢᠨ ᠲᠣᠬᠢᠷᠠᠭᠤᠯᠤᠯᠲᠠ᠂ ᠵᠢᠯᠣᠭᠤᠳᠣᠯᠭ᠎ᠠ ᠬᠢᠨᠠᠯᠲᠠ ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ ᠶᠢᠨ | ᠠᠵᠢᠯ ᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠬᠤ᠂ ᠪᠠᠯᠠ ᠮᠥᠩᠭᠦ ᠴᠤᠭᠯᠠᠭᠤᠯᠬᠤ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ | ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ | ᠲᠤᠰᠬᠠᠶ ᠣᠷᠣᠨ ᠤ ᠲᠡᠰ ᠤᠨ ᠬᠤᠳᠠ ᠶᠢᠨ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ ᠠᠬᠢᠴᠠ᠂ | ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠳᠠᠭᠤᠰᠬᠠᠵᠤ ᠰᠢᠯᠭᠠᠨ ᠠᠪᠬᠤ᠂ ᠪᠠᠯᠠ ᠮᠥᠩᠭᠦ ᠶᠢ ᠬᠡᠷᠡᠭᠯᠡᠬᠦ᠂ ᠡᠵᠡᠩᠨᠡᠯᠲᠡ | ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ | ᠱᠠᠲᠤᠨ ᠤ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ᠂ ᠪᠠᠯᠠ ᠮᠥᠩᠭᠦ ᠶᠢ | ᠬᠡᠷᠡᠭᠯᠡᠬᠦ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ | ᠡᠭᠦᠷᠭᠡᠯᠡᠨ᠎ᠡ᠃ | ︵ᠠᠷᠪᠠᠨ ᠳᠣᠯᠤᠭ᠎ᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠢᠭᠡᠳᠦᠯᠲᠡᠶ ᠲᠥᠯᠥᠪᠵᠢᠭᠦᠯᠦᠨ | ᠬᠡᠷᠡᠭᠵᠢᠭᠦᠯᠦᠨ᠎ᠡ᠃ ︽ᠲᠠᠪᠤᠨ ᠨᠢᠭᠡᠳᠦᠯᠲᠡᠶ︾ ︵ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠬᠤ᠂ ᠨᠢᠭᠡᠳᠦᠯᠲᠡᠶ | ᠪᠦᠲᠦᠭᠡᠨ ᠪᠠᠶᠢᠭᠤᠯᠬᠤ ᠪᠠᠷᠢᠮᠵᠢᠶ᠎ᠠ᠂ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠶ ᠰᠢᠯᠭᠠᠨ | ᠠᠪᠴᠤ ᠬᠢᠨᠡᠨ ᠰᠢᠯᠭᠠᠬᠤ᠂ ᠨᠢᠭᠡᠳᠦᠯᠲᠡᠶ ᠵᠢᠷᠤᠭ ᠪᠤᠯᠭᠠᠨ ᠬᠥᠮᠥᠷᠭᠡ ᠳᠤ ᠣᠷᠣᠭᠤᠯᠬᠤ︶ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠮᠥᠷᠳᠡᠵᠦ ᠦᠨᠡᠯᠡᠬᠦ ᠪᠠᠨ ᠴᠢᠩᠭᠠᠳᠬᠠᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ | ᠭᠦᠢᠴᠡᠳ ᠬᠦᠨᠳᠦᠳᠭᠡᠭᠰᠡᠨ ᠤᠷᠢᠲᠠᠯ ᠳᠤᠤᠷ᠎ᠠ᠂ ᠲᠥᠷᠥᠯ ᠵᠦᠢᠯ ᠢ ᠵᠢᠷᠤᠵᠤ ᠲᠥᠯᠥᠪᠯᠡᠬᠦ᠂ ᠬᠡᠷᠡᠭᠵᠢᠭᠦᠯᠬᠦ᠂ | ᠡᠵᠡᠩᠨᠡᠬᠦ᠂ ᠬᠠᠮᠢᠶᠠᠷᠴᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠶᠢ ᠰᠦᠪᠡᠭᠴᠢᠯᠡᠨ ᠠᠬᠢᠭᠤᠯᠤᠨ᠎ᠠ᠃ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠷᠣᠭᠤᠯᠵᠤ ᠠᠪᠴᠢᠷᠠᠬᠤ ᠪᠠ | ᠳᠡᠯᠭᠡᠷᠡᠭᠦᠯᠵᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ ᠮᠡᠷᠭᠡᠵᠢᠯ ᠯᠦᠭᠡ ᠬᠤᠷᠠᠭᠤᠯᠤᠨ | ᠬᠡᠷᠡᠭᠯᠡᠬᠦ ᠶᠢ ᠴᠢᠩᠭᠠᠳᠬᠠᠨ᠎ᠠ᠃ ᠤᠰᠤᠨ ᠴᠣᠭᠴᠠ ᠶᠢᠨ ᠠᠽᠣᠲ᠂ ᠹᠣᠰᠹᠣᠷ ᠵᠡᠷᠭᠡ ᠪᠣᠬᠢᠷᠲᠤᠯ ᠢᠶᠠᠷ ᠲᠣᠪᠤᠶᠢᠮ᠎ᠠ | ᠣᠷᠣᠨ ᠪᠦᠰᠡ ᠳᠤ ᠠᠮᠢ ᠠᠬᠤᠶ ᠣᠷᠴᠢᠨ ᠲᠣᠭᠤᠷᠢᠨ ᠢ ᠵᠠᠰᠠᠬᠤ ᠬᠠᠮᠢᠶ᠎ᠠ ᠪᠥᠬᠦᠶ ᠲᠥᠷᠥᠯ ᠵᠦᠢᠯ ᠢ ᠨᠢᠭᠡᠳᠦᠯᠲᠡᠶ | ᠲᠥᠯᠥᠪᠵᠢᠭᠦᠯᠦᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠶᠢ ᠵᠣᠭᠰᠣᠭᠠᠵᠤ ᠡᠷᠭᠢᠯᠳᠦᠭᠦᠯᠦᠨ ᠠᠰᠢᠭᠯᠠᠬᠤ ᠶᠢ | ᠠᠬᠢᠭᠤᠯᠤᠨ᠎ᠠ᠃ ᠰᠠᠯᠬᠢ ᠡᠯᠡᠰᠦᠨ ᠤ ᠬᠥᠨᠥᠭᠡᠯᠲᠦ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠤᠷᠤᠨ︾ | ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ ᠲᠣᠮᠣ ᠲᠤᠤᠷᠵᠢᠯ ᠤᠨ ᠲᠠᠷᠢᠶᠠᠨ ᠭᠠᠵᠠᠷ ᠲᠤ ᠣᠶ ᠰᠢᠭᠤᠶ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠳᠡᠯᠭᠡᠷᠡᠭᠦᠯᠵᠦ᠂ ᠲᠠᠷᠢᠶᠠᠨ ᠭᠠᠵᠠᠷ ᠤᠨ ᠤᠨᠠᠯᠲᠠ ᠶᠢ ᠳᠤᠬᠳᠠᠪᠤᠷᠢᠵᠢᠭᠤᠯᠵᠤ ᠳᠡᠭᠡᠭᠰᠢᠯᠡᠬᠦᠯᠬᠦ ᠶᠢ | ᠠᠬᠢᠭᠤᠯᠤᠨ᠎ᠠ᠃ | ︵ᠠᠷᠪᠠᠨ ᠨᠠᠢᠮᠠ︶ ᠣᠯᠠᠨ ᠲᠦᠮᠡᠨ ᠣᠷᠣᠯᠴᠠᠵᠤ᠂ ᠮᠡᠳᠡᠭᠳᠡᠳᠡᠯᠡ ᠦᠵᠡᠭᠳᠡᠳᠠᠯᠠ ᠪᠤᠳᠠᠳᠠᠢ ᠬᠢᠨ᠎ᠡ᠃ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ᠂ ᠲᠠᠷᠢᠶᠠᠴᠢᠳ ᠵᠡᠷᠭᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ | ᠣᠷᠣᠯᠴᠠᠭᠤᠯᠵᠤ᠂ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ | ᠡᠷᠬᠡ ᠶᠢ ᠨᠠᠶᠢᠳᠠᠪᠤᠷᠢᠵᠢᠭᠤᠯᠤᠨ᠎ᠠ᠃ ᠲᠥᠷᠥᠯ ᠵᠦᠢᠯ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ ᠵᠡᠷᠭᠡ | ᠡᠮᠦᠨᠡᠬᠢ ᠬᠤᠭᠤᠴᠠᠭᠠᠨ ᠤ ᠠᠵᠢᠯ ᠤᠨ ᠳᠤᠮᠳᠠ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ | ᠪᠦᠲᠦᠭᠡᠨ ᠪᠠᠶᠢᠭᠤᠯᠬᠤ ᠠᠭᠤᠯᠭ᠎ᠠ ᠶᠢᠨ ᠪᠣᠳᠠᠲᠤ ᠪᠠᠶᠢᠳᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ | ᠲᠠᠷᠢᠶᠠᠴᠢᠳ ᠤᠨ ᠪᠠᠷᠢᠯᠭ᠎ᠠ ᠶᠢᠨ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ᠂ ᠡᠳᠦᠷ ᠲᠤᠲᠤᠮ ᠤᠨ ᠪᠠᠷᠢᠯᠭ᠎ᠠ ᠪᠠᠷᠢᠬᠤ | ᠂ ᠳᠠᠯᠳᠠ ᠪᠠᠷᠢᠯᠭ᠎ᠠ ᠶᠢ ᠰᠢᠯᠭᠠᠨ ᠠᠪᠬᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠵᠡᠷᠭᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ | ︵ᠠᠷᠪᠠ ᠶᠢᠰᠦ︶ ᠬᠥᠳᠡᠯᠦᠩᠭᠦᠶ ᠪᠠᠷ ᠮᠥᠷᠳᠡᠨ᠂ ᠱᠠᠲᠤ ᠬᠤᠪᠢᠶᠠᠨ ᠦᠨᠡᠯᠡᠨ᠎ᠡ᠃ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠵᠠᠷᠯᠠᠨ ᠮᠡᠳᠡᠭᠳᠡᠵᠦ | ᠪᠣᠯᠵᠣᠨ ᠶᠠᠷᠢᠯᠴᠠᠬᠤ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠡᠭᠦᠷᠭᠡ ᠶᠢ ᠨᠠᠶᠢᠳᠠᠪᠤᠷᠢᠵᠢᠭᠤᠯᠬᠤ | ᠲᠣᠭᠲᠡᠴᠡ ᠶᠢ ᠪᠦᠷᠢᠨᠰᠢᠭᠦᠯᠦᠨ᠎ᠡ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠦᠨᠡᠯᠡᠯᠲᠡ ᠶᠢᠨ ᠵᠢᠷᠤᠮᠵᠢᠯ ᠵᠡᠷᠭᠡ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠨᠢᠭᠡᠨᠲᠡ ᠰᠢᠯᠭᠠᠨ ᠠᠪᠤᠭᠰᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠷᠥᠯ ᠬᠤᠪᠢᠶᠠᠨ ᠲᠠᠰ ᠬᠤᠪᠢᠶᠠᠨ ᠦᠨᠡᠯᠡᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠱᠠᠭᠠᠷᠳᠠᠯᠭ᠎ᠠ ᠳᠤ ᠨᠡᠶᠢᠴᠡᠬᠦ ᠥᠬᠡᠶ ᠶᠢ ᠨᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢᠶᠠᠷ ᠬᠢᠨᠠᠨ ᠲᠣᠭᠲᠠᠭᠠᠵᠤ ᠪᠣᠯᠬᠤ ᠥᠬᠡᠶ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠥᠬᠦ ᠦᠶᠡᠯᠡᠯ ᠤᠨ ᠬᠤᠭᠤᠴᠠᠭᠠᠨ ᠳᠠᠬᠢ | ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠣᠭᠲᠡᠴᠡ ᠶᠢ | ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠷᠢ︶ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯ ᠲᠦᠭᠰᠢᠭᠦᠷᠢ ᠶᠢ | ᠰᠡᠷᠭᠡᠶᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠢᠯᠵᠢᠷᠠᠯ ᠪᠠ | ᠰᠤᠷᠲᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠲᠠᠷᠢᠶᠠᠴᠢᠳ ᠤᠨ ᠠᠰᠢᠭ ᠲᠤᠰᠠ ᠶᠢ | ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ | ᠱᠠᠮᠰᠢᠵᠤ ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ︶ | |