ᠬᠤᠷᠴᠢᠨ ᠲᠣᠭᠤᠷᠢᠭ᠄ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/7
     ᠡᠨᠡ ᠵᠢᠯ᠂ ᠬᠤᠷᠴᠢᠨ ᠲᠣᠭᠤᠷᠢᠭ ᠤᠨ ᠬᠢᠨ ᠳᠡᠭᠡᠳᠦ ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠪᠣᠯᠣᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠯᠠᠬᠤ ᠶᠢ ᠪᠠᠷᠢᠮᠲᠠᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠲᠣᠳᠣᠷᠬᠠᠶᠢᠯᠠᠪᠠ︔ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠨ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠡᠨᠡᠳᠲᠡ ᠶᠢᠨ ᠭᠠᠯ ᠤᠨ ᠪᠠᠶᠢᠳᠠᠯ ᠢ ᠠᠷᠭᠠᠴᠠᠬᠤ ᠪᠣᠳᠠᠲᠠᠢ ᠪᠠᠶᠢᠯᠳᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠲᠤ ᠪᠠᠬᠢ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号