ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ | ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ | ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ | ᠥᠭᠦᠯᠡᠯᠲᠡ ᠶᠢ ᠣᠷᠣᠭᠤᠯᠪᠠ᠃ ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ | ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠭᠡᠯᠡ᠂ ᠶᠠᠫᠤᠨ ᠬᠡᠯᠡᠨ ᠤ ᠬᠡᠪᠯᠡᠯ ᠨᠢ ᠭᠠᠳᠠᠭᠠᠳᠤ ᠶᠢᠨ | ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ | ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ | ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ | ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |