ᠯᠢ ᠴᠢᠶᠠᠩ ᠵᠣᠣ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ | ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠮᠣᠳᠣ ᠳᠠᠷᠢᠵᠤ ᠣᠶᠢᠵᠢᠭᠤᠯᠬᠤ ᠪᠣᠯ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠯᠠᠮ ᠨᠢᠭᠡ ᠠᠯᠬᠤᠮ ᠬᠥᠳᠡᠯᠦᠯᠴᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ | ᠳᠠᠶᠢᠴᠢᠯᠠᠨ ᠵᠣᠬᠢᠶᠠᠨ ᠪᠠᠶᠢᠭᠤᠯᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠳᠤ ᠢᠳᠡᠪᠬᠢᠲᠡᠢ | ᠣᠷᠣᠯᠴᠠᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ | ᠠᠬᠤᠢ ᠶᠢᠨ ᠰᠣᠶᠣᠯ ᠢ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ | ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ᠂ ᠡᠬᠡ ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ᠂ | ᠥᠷᠨᠢᠭᠦᠨ ᠪᠠᠳᠠᠷᠠᠩᠭᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 3 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ | ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ | ᠬᠤᠳᠠ ᠶᠢᠨ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ ᠨᠡᠶᠢᠰᠯᠡᠯ ᠤᠨ | ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ | ᠬᠠᠮᠲᠤ ᠮᠣᠳᠣ ᠲᠠᠷᠢᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠬᠠᠩᠰᠢ ᠣᠶᠢᠷᠠᠲᠤᠬᠤ ᠪᠠᠷ᠂ ᠨᠡᠶᠢᠰᠯᠡᠯ ᠪᠡᠭᠡᠵᠢᠩ ᠬᠠᠪᠤᠷ ᠤᠨ ᠥᠩᠭᠡ ᠪᠠᠷ ᠴᠢᠮᠡᠭᠯᠡᠭᠳᠡᠨ ᠡᠰᠡᠨᠢᠯ | ᠬᠥᠭᠵᠢᠯ ᠢᠶᠠᠷ ᠪᠢᠯᠬᠠᠨ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ ᠪᠠ | ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠮᠠᠰᠢᠨ ᠲᠡᠷᠭᠡᠨ ᠳᠤ ᠰᠠᠭᠤᠵᠤ᠂ ᠹᠧᠩᠲ᠋ᠠᠢ | ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ ᠢᠷᠡᠨ᠂ ᠺᠠᠳ᠋ᠷ ᠤᠯᠠᠨ ᠲᠦᠮᠡᠨ ᠲᠠᠢ | ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠳᠠᠷᠢᠬᠤ ᠭᠠᠵᠠᠷ ᠨᠢ ᠶᠦᠩ ᠳ᠋ᠢᠩ ᠾᠧ ᠭᠤᠣᠯ ᠤᠨ ᠨᠣᠮᠢᠨ ᠨᠣᠭᠤᠭᠠᠨ ᠵᠠᠮ ᠤᠨ ᠵᠢᠱᠢᠶ᠎ᠡ ᠦᠵᠡᠭᠦᠯᠭᠦ | ᠬᠡᠰᠡᠭ ᠲᠤ ᠪᠠᠶᠢᠷᠢᠯᠠᠵᠤ᠂ ᠡᠨᠡ ᠬᠦ ᠣᠷᠣᠨ ᠪᠦᠰᠡ ᠶᠢᠨ ᠤᠰᠤᠨ ᠰᠢᠰᠲ᠋ᠧᠮ ᠤᠨ ᠭᠡᠯᠪᠡᠷᠢ ᠪᠠᠶᠢᠳᠠᠯ ᠨᠢ ᠣᠯᠠᠨ | ᠶᠠᠩᠵᠤ ᠶᠢᠨ ᠪᠠᠶᠢᠵᠤ᠂ ᠤᠰᠤᠨ ᠤ ᠭᠦᠪᠡᠭᠡ ᠪᠠᠷ 7 ᠺᠢᠯᠣᠮᠧᠳ᠋ᠷ ᠦᠷᠭᠦᠯᠵᠢᠯᠡᠭᠰᠡᠨ ᠣᠷᠣᠨ ᠵᠠᠢ ᠪᠠᠶᠢᠵᠤ᠂ ᠶᠠᠭ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠬᠤᠣᠰᠯᠠᠭᠤᠯᠤᠭᠰᠠᠨ | ᠤᠰᠤᠨ ᠤ ᠬᠥᠪᠡᠭᠡᠨ ᠤ ᠨᠣᠭᠤᠭᠠᠨ ᠬᠤᠩᠭᠢᠯ ᠢ ᠪᠠᠶᠢᠭᠤᠯᠵᠤ ᠪᠠᠶᠢᠨ᠎ᠠ᠃ | ᠶᠡᠷᠦᠩᠬᠡᠢ ᠱᠦᠵᠢ ᠢᠷᠡᠭᠰᠡᠨ ᠢ ᠦᠵᠡᠭᠡᠳ᠂ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ | ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠵᠦᠭ ᠶᠠᠪᠤᠵᠤ᠂ ᠲᠤᠬᠠᠢ ᠶᠢᠨ ᠲᠠᠯᠠᠪᠠᠢ ᠳᠤ ᠮᠣᠳᠣ | ᠲᠠᠷᠢᠵᠤ ᠪᠠᠶᠢᠭᠰᠠᠨ ᠪᠡᠭᠡᠵᠢᠩ ᠬᠤᠳᠠ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠨᠥᠬᠦᠳ ᠪᠣᠯᠣᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠲᠠᠢ ᠬᠠᠮᠲᠤ ᠮᠣᠳᠣ ᠲᠡᠷᠢᠵᠤ ᠡᠬᠢᠯᠡᠪᠡ᠃ | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ | ᠰᠢ ᠶᠢᠨ ᠫᠢᠩ ᠨᠠᠷᠠᠰᠤᠨ ᠮᠣᠳᠣ᠂ ᠠᠯᠲᠠᠨ ᠮᠥᠴᠢᠷᠲᠦ ᠬᠤᠨᠭ᠍ᠭᠤᠷᠴᠤᠬᠲᠤ ᠮᠣᠳᠣ᠂ ᠭᠤᠪᠠᠢ ᠲᠡᠷᠢᠭᠦᠯᠡᠭᠴᠢ ᠮᠣᠳᠣ᠂ | ᠦᠰᠦᠯᠢᠭ ᠲᠤᠷᠤᠭ ᠲᠠᠷᠠᠨᠠᠢ᠂ ᠮᠢᠨᠳᠠᠰᠤᠨ ᠬᠠᠯᠢᠰᠤᠨ ᠮᠣᠳᠣ᠂ ᠬᠠᠲᠠᠭᠤ ᠴᠠᠭᠠᠨ ᠵᠡᠷᠭᠡ ᠤᠯᠠᠨ ᠴᠢᠬᠢ ᠮᠣᠳᠣ ᠶᠢ | ᠵᠠᠯᠭᠠᠭ᠎ᠠ ᠪᠠᠷ ᠳᠠᠷᠢᠪᠠ᠃ ᠰᠢ ᠶᠢᠨ ᠫᠢᠩ ᠮᠣᠳᠣ ᠲᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠪᠠ | ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠰᠠᠶᠢᠨ ᠰᠠᠶᠢᠬᠠᠨ | ᠠᠮᠢᠳᠤᠷᠠᠯ ᠢ ᠴᠥᠮ ᠭᠦᠳᠡᠯᠮᠦᠷᠢ ᠳᠤ ᠲᠦᠰᠢᠭᠯᠡᠨ ᠡᠭᠦᠳᠦᠨ ᠪᠦᠲᠦᠭᠡᠳᠡᠭ ᠶᠤᠮ᠂ ᠥᠷᠭᠡᠨ ᠤᠯᠠᠨ ᠵᠠᠯᠠᠭᠤᠴᠤᠳ | ᠪᠠᠭᠠᠴᠤᠳ ᠭᠦᠳᠡᠯᠮᠦᠷᠢ ᠶᠢ ᠬᠠᠶᠢᠷᠠᠯᠠᠵᠤ᠂ ᠡᠬᠡ ᠪᠠᠶᠢᠭᠠᠯᠢ ᠶᠢ ᠬᠠᠶᠢᠷᠠᠯᠠᠵᠤ᠂ ᠮᠣᠳᠣ ᠲᠠᠷᠢᠵᠤ ᠣᠶᠢᠵᠢᠭᠤᠯᠬᠤ ᠵᠡᠷᠭᠡ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠦᠳᠡᠯᠮᠦᠷᠢ ᠶᠢᠨ ᠳᠤᠮᠳᠠ ᠪᠡᠶ᠎ᠡ | ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ᠂ ᠮᠡᠳᠡᠯᠭᠡ ᠪᠠᠨ | ᠨᠡᠮᠡᠭᠳᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ | ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠭᠡᠵᠦ ᠴᠢᠬᠤᠯᠠᠴᠢᠯᠠᠪᠠ᠃ ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠭᠦᠷ ᠬᠥᠭᠵᠢᠶᠡᠨ ᠲᠠᠢ ᠪᠠᠶᠢᠵᠤ᠂ ᠶᠠᠭᠠᠷᠠᠯᠲᠠᠢ ᠠᠵᠢᠯᠯᠠᠵᠠᠭᠠᠨ᠎ᠠ᠃ | ᠮᠣᠳᠣ ᠲᠠᠷᠢᠬᠤ ᠳᠤᠮᠳᠠ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠣᠳᠣᠬᠠᠨ ᠳᠤ ᠮᠠᠨ ᠤ ᠤᠯᠤᠰ ᠤᠨ ᠤᠢ ᠰᠢᠭᠤᠢ ᠶᠢᠨ ᠪᠦᠷᠬᠦᠴᠡ ᠶᠢᠨ | ᠨᠤᠷᠮ᠎ᠠ ᠨᠢᠭᠡᠨᠲᠡ 25% ᠶᠢ ᠳᠠᠪᠠᠵᠤ᠂ ᠪᠦᠭᠦ ᠪᠥᠮᠪᠥᠷᠴᠡᠭ ᠤᠨ 25% ᠣᠷᠴᠢᠮ ᠰᠢᠨ᠎ᠡ ᠪᠠᠷ ᠨᠡᠮᠡᠭᠳᠡᠭᠰᠡᠨ | ᠨᠣᠭᠤᠭᠠᠷᠠᠭᠤᠯᠤᠯᠲᠠ ᠶᠢᠨ ᠲᠠᠯᠠᠪᠠᠢ ᠳᠤ ᠬᠤᠪᠢ ᠨᠡᠮᠡᠷᠢ ᠦᠵᠡᠭᠦᠯᠪᠡ᠃ ᠤᠯᠠᠨ ᠵᠢᠯ ᠴᠢᠷᠮᠠᠶᠢᠬᠤ ᠪᠠᠷ ᠳᠠᠮᠵᠢᠭᠠᠳ᠂ | ᠲᠠᠺᠯᠢᠮᠠᠺᠠᠨ ᠡᠯᠡᠰᠦᠨ ᠴᠦᠯ ᠳᠤ ︽ᠨᠣᠭᠤᠭᠠᠨ ᠣᠷᠢᠶᠠᠯᠲᠠ︾ ᠵᠡᠭᠦᠯᠭᠡᠵᠦ᠂ ᠬᠤᠷᠴᠢᠨ ᠤ ᠡᠯᠡᠰᠦᠷᠬᠡᠭ ᠭᠠᠵᠠᠷ ᠲᠤ | ᠲᠠᠯ᠎ᠠ ᠨᠤᠲᠤᠭ ᠤᠨ ᠥᠩᠭᠡ ᠦᠵᠡᠮᠵᠢ ᠲᠠᠭᠢᠨ ᠢᠯᠡᠷᠡᠪᠡ᠂ ᠡᠳᠡᠭᠡᠷ ᠠᠮᠵᠢᠯᠲᠠ ᠶᠢ ᠭᠢᠯᠪᠡᠷ ᠪᠤᠰᠤ ᠪᠠᠷ ᠣᠯᠵᠤ | ᠠᠪᠴᠢᠷᠠᠭᠰᠠᠨ ᠶᠤᠮ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠲᠤᠬᠠᠢ ᠠᠷᠠᠳ | ᠤᠯᠠᠨ ᠤ ᠲᠥᠷᠥᠭᠳᠡᠯ ᠬᠠᠮᠤᠭ ᠤᠨ ᠰᠢᠭᠤᠳ ᠬᠠᠮᠤᠭ ᠤᠨ ᠦᠨᠡᠨ ᠪᠣᠳᠠᠲᠠᠢ ᠶᠤᠮ᠃ ᠡᠭᠦᠨ ᠤ ᠬᠠᠮᠲᠤ ᠮᠠᠨ ᠤ | ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ | ᠦᠭᠡᠢ᠂ ᠶᠠᠰᠤ ᠴᠢᠨᠠᠷ ᠦᠷ᠎ᠡ ᠠᠰᠢᠭ ᠪᠠᠰᠠ ᠲᠡᠶᠢᠮᠦ ᠥᠨᠳᠥᠷ ᠪᠢᠰᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ | ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠢᠯ ᠠᠴᠠ ᠵᠢᠯ ᠨᠡᠩ ᠰᠠᠶᠢᠨ ᠠᠵᠢᠯᠯᠠᠬᠤ ᠪᠠᠷ ᠴᠢᠷᠮᠠᠶᠢᠬᠤ | ᠬᠡᠷᠡᠭᠲᠡᠢ ᠭᠡᠪᠡ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠡᠷᠬᠡᠪᠰᠢ ᠨᠣᠭᠤᠭᠠᠷᠠᠭᠤᠯᠤᠯᠲᠠ ᠶᠢ ᠥᠷᠭᠡᠳᠬᠡᠵᠦ | ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ | ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠶ ᠰᠢᠭᠤᠢ ᠶᠢᠨ ᠤᠰᠤᠨ ᠴᠥᠭᠦᠷᠥᠮ᠂ ᠵᠣᠭᠤᠰᠤᠨ ᠬᠥᠮᠥᠷᠭᠡ | ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ︽ᠳᠥᠷᠪᠡᠨ ᠬᠥᠮᠥᠷᠭᠡ︾ ᠶᠢᠨ | ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠶᠠᠰᠤ ᠴᠢᠨᠠᠷ ᠢ ᠳᠡᠭᠡᠭᠰᠢᠯᠡᠭᠦᠯᠭᠦ︾ ᠶᠢ ᠨᠡᠩ | ᠴᠢᠬᠤᠯᠠᠴᠢᠯᠠᠵᠤ᠂ ᠤᠢ ᠰᠢᠭᠤᠢ ᠶᠢᠨ ᠬᠡᠰᠡᠭᠯᠡᠯ ᠤᠨ ᠪᠦᠲᠦᠴᠡ ᠶᠢ ᠰᠢᠯᠢᠳᠡᠭᠵᠢᠭᠦᠯᠵᠦ᠂ ᠤᠢ ᠰᠢᠭᠤᠢ ᠶᠢᠨ | ᠡᠵᠡᠩᠨᠡᠯᠲᠡ ᠶᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠢ ᠵᠡᠷᠭᠡ ᠪᠠᠷ | ᠳᠡᠭᠡᠭᠰᠢᠯᠡᠭᠦᠯᠭᠦ ᠬᠡᠷᠡᠭᠲᠡᠢ᠃ ︽ᠠᠵᠤ ᠦᠢᠯᠡᠰ ᠢ ᠬᠥᠭᠵᠢᠭᠦᠯᠬᠦ︾ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ | ᠡᠨᠡᠬᠦ ᠠᠷᠭ᠎ᠠ ᠶᠢ ᠢᠯᠡᠭᠦᠬᠡᠨ ᠬᠡᠷᠡᠭᠯᠡᠨ ᠣᠶ ᠰᠢᠭᠤᠢ ᠡᠪᠡᠰᠦᠨ ᠤ ᠡᠬᠢ ᠪᠠᠶᠠᠯᠢᠭ ᠢ ᠠᠮᠢᠳᠤᠯᠢᠭ ᠬᠡᠷᠡᠭᠯᠡᠵᠦ᠂ ᠣᠶ | ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ᠃ ︽ᠠᠷᠠᠳ ᠲᠤ ᠠᠰᠢᠭ ᠬᠦᠷᠲᠡᠭᠡᠬᠦ︾ ᠶᠢ | ᠨᠠᠩ ᠴᠢᠬᠤᠯᠠᠴᠢᠯᠠᠵᠤ᠂ ᠣᠯᠠᠨ ᠲᠦᠮᠡᠨ ᠤ ᠳᠡᠷᠭᠡᠳᠡ᠂ ᠨᠢᠳᠦᠨ ᠡᠮᠦᠨ᠎ᠡ ᠨᠣᠭᠤᠭᠠᠨ ᠥᠩᠭᠡ᠂ ᠭᠤᠸ᠎ᠠ ᠰᠠᠶᠢᠬᠠᠨ | ᠨᠡᠮᠡᠷᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠦᠢᠯᠡᠰ ᠲᠠᠬᠢ ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ | ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠪᠠᠨ ᠵᠢᠷᠤᠮ ᠤᠨ ᠮᠣᠳᠣ ᠳᠠᠷᠢᠬᠤ ᠪᠣᠯ ᠪᠦᠭᠦ ᠠᠷᠠᠳ ᠤᠨ ᠠᠵᠢᠯᠯᠠᠭ᠎ᠠ ᠮᠥᠨ᠂ ᠦᠶ᠎ᠡ ᠶᠢᠨ | ᠦᠶ᠎ᠡ ᠪᠤᠤᠬᠢᠶ᠎ᠠ ᠵᠠᠯᠭᠠᠨ ᠠᠵᠢᠯᠯᠠᠬᠤ ᠬᠡᠷᠡᠭᠲᠡᠢ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠣᠷᠤᠯᠴᠠᠬᠤ | ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂ ᠡᠨᠡ ᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠣᠳᠠᠲᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ | ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃ | |