ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ 4 ᠰᠠᠷ᠎ᠠ ᠶᠢᠨ 3 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ | ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ | ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ᠂ ᠬᠠᠷᠢᠯᠴᠠᠨ | ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠨ ᠬᠤᠶᠠᠷ ᠲᠠᠯ᠎ᠠ ᠶᠢᠨ | ᠬᠠᠷᠢᠯᠴᠠᠭ᠎ᠠ ᠶᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠶᠡᠭᠡ ᠪᠠᠭ᠎ᠠ ᠨᠢ ᠠᠳᠠᠯᠢ ᠪᠤᠰᠤ᠂ ᠲᠡᠦᠬᠡ | ᠰᠣᠶᠣᠯ ᠨᠢ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ ᠤᠯᠤᠰ ᠤᠨ ᠨᠥᠭᠦᠷᠰᠡᠭ ᠢᠶᠠᠷ | ᠬᠠᠷᠢᠯᠴᠠᠬᠤ᠂ ᠭᠠᠷ ᠬᠤᠯᠪᠣᠨ ᠬᠥᠭᠵᠢᠬᠦ ᠦᠯᠢᠭᠡᠷ ᠳᠠᠭᠤᠷᠢᠶᠠᠯ ᠢ ᠱᠤᠭᠤᠪᠠ᠃ ᠪᠢ ᠳᠤᠮᠳᠠᠳᠤ ᠤᠯᠤᠰ ᠪᠣᠯᠣᠨ | ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠲᠤ | ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ | ᠭᠠᠷᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ | ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠽᠸᠢᠶᠠᠨᠤᠸᠢᠴᠢ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠤᠯᠤᠰ ᠬᠠᠷᠢᠯᠴᠠᠨ ᠭᠦᠨᠳᠦᠳᠭᠡᠵᠦ᠂ ᠨᠥᠬᠦᠷᠯᠡᠯ ᠪᠠᠲᠤ ᠪᠠᠬᠢ | ᠪᠠᠶᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠫᠤᠰᠨᠢᠶ᠎ᠠ ᠪᠠ | ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ | ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ᠃ | |