ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠲᠦᠩᠯᠥ᠋ᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/7
    ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2 ᠤᠨ ᠡᠳᠦᠷ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠥ᠋ᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠵᠤ᠂ ᠯᠠᠤᠰ ᠤᠨ ᠨᠠᠮ ᠪᠣᠯᠣᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠶᠢᠨ ᠨᠠᠰᠤ ᠪᠠᠷᠠᠭᠰᠠᠨ ᠳᠤ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠪᠦᠭᠦ ᠠᠭᠤᠯᠭ᠎ᠠ ᠨᠢ ᠳᠣᠣᠷᠠᠬᠢ ᠮᠡᠲᠦ᠄    ᠯᠠᠤᠰ ᠤᠨ ᠨᠠᠮ ᠪᠣᠯᠣᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠨᠥᠬᠦᠷ ᠵᠣᠯ ᠪᠤᠰᠤ ᠪᠠᠷ ᠨᠠᠰᠤ ᠪᠠᠷᠠᠪᠠ ᠃ ᠪᠢ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠲᠡᠷᠡᠴᠢᠯᠡᠨ ᠬᠤᠪᠢ ᠬᠥᠮᠥᠨ ᠤ ᠨᠡᠷ᠎ᠡ ᠪᠠᠷ ᠢᠶᠠᠨ ᠯᠠᠤᠰ ᠤᠨ ᠠᠷᠠᠳ ᠤᠨ ᠬᠤᠪᠢᠰᠬᠠᠯᠲᠤ ᠨᠠᠮ᠂ ᠯᠠᠤᠰ ᠤᠨ ᠵᠠᠰᠠᠭ ᠤᠨ ᠣᠷᠳᠣᠨ᠂ ᠯᠠᠤᠰ ᠤᠨ ᠠᠷᠠᠳ ᠲᠦᠮᠡᠨ ᠳᠤ ᠺᠠᠨᠳᠠᠢ ᠨᠥᠬᠦᠷ ᠤᠨ ᠨᠠᠰᠤ ᠪᠠᠷᠠᠭᠰᠠᠨ ᠳᠤ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃    ᠺᠠᠨᠳᠠᠢ ᠨᠥᠬᠦᠷ ᠪᠣᠯ ᠡᠷᠡᠰ ᠪᠠᠲᠤ ᠡᠪ ᠬᠠᠮᠲᠤ ᠶᠣᠰᠣᠨ ᠤ ᠦᠵᠡᠯᠲᠡᠨ ᠮᠥᠨ᠂ ᠯᠠᠤᠰ ᠤᠨ ᠨᠠᠮ ᠪᠣᠯᠣᠨ ᠤᠯᠤᠰ ᠤᠨ ᠠᠬᠠᠮᠠᠳ ᠨᠢᠭᠡ ᠦᠶ᠎ᠡ ᠶᠢᠨ ᠭᠠᠷᠮᠠᠭᠠᠢ ᠤᠳᠤᠷᠢᠳᠬᠤ ᠬᠥᠮᠥᠨ ᠮᠥᠨ᠂ ᠳᠤᠮᠳᠠᠳᠤ ᠤᠯᠤᠰ ᠤᠨ ᠨᠠᠮ ᠪᠣᠯᠣᠨ ᠠᠷᠠᠳ ᠲᠦᠮᠡᠨ ᠤ ᠳᠣᠲᠣᠨᠣ ᠨᠥᠬᠦᠷ ᠪᠠ ᠨᠠᠶᠢᠵᠠ ᠮᠥᠨ᠂ ᠯᠠᠤᠰ ᠤᠨ ᠰᠢᠨᠡᠴᠢᠯᠡᠯᠲᠡ ᠶᠢᠨ ᠠᠵᠢᠯ ᠦᠢᠯᠡᠰ ᠪᠣᠯᠣᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠨᠢᠭᠡ ᠨᠠᠰᠤᠨ ᠤ ᠤᠶᠤᠨ ᠴᠢᠳᠠᠯ ᠢᠶᠠᠨ ᠡᠷᠭᠦᠵᠦ᠂ ᠳᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠺᠠᠨᠳᠠᠢ ᠨᠥᠬᠦᠷ ᠢ ᠡᠭᠦᠷᠢᠳᠡ ᠳᠤᠷᠠᠰᠤᠨ ᠰᠠᠨᠠᠭᠠᠯᠵᠠᠬᠤ ᠪᠣᠯᠣᠨ᠎ᠠ᠃    ᠳᠤᠮᠳᠠᠳᠤ ᠯᠠᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠲᠤ ᠬᠥᠷᠰᠢ ᠤᠯᠤᠰ᠂ ᠰᠠᠶᠢᠨ ᠵᠡᠷᠭᠡᠯᠡᠳᠡᠭᠡ᠂ ᠰᠠᠶᠢᠨ ᠨᠠᠶᠢᠵᠠ᠂ ᠰᠠᠶᠢᠨ ᠨᠥᠬᠦᠷ᠂ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠳᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠪᠠᠬᠢᠵᠢᠭᠦᠯᠦᠨ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠯᠠᠤᠰ ᠤᠨ ᠬᠢᠨ ᠲᠠᠢ ᠬᠠᠮᠲᠤ ᠪᠠᠷ ᠴᠢᠷᠮᠠᠶᠢᠵᠤ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠤᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠲᠦᠩᠯᠥ᠋ᠨ ᠨᠥᠬᠦᠷ ᠢᠶᠠᠷ ᠲᠦᠷᠦᠭᠦᠯᠡᠭᠦᠯᠦᠭᠰᠡᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠯᠠᠤᠰ ᠤᠨ ᠨᠠᠮ ᠪᠣᠯᠣᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠲᠠᠰᠤᠷᠠᠯᠲᠠ ᠦᠭᠡᠢ ᠨᠡᠩ ᠶᠡᠭᠡ ᠰᠢᠨ᠎ᠡ ᠠᠮᠵᠢᠯᠲᠠ ᠣᠯᠬᠤ ᠶᠢ ᠬᠦᠰᠡᠨ ᠵᠥᠩᠨᠡᠵᠦ ᠪᠠᠶᠢᠨ᠎ᠠ᠃    ᠺᠠᠨᠳᠠᠶ ᠨᠥᠬᠦᠷ ᠥᠨᠢᠳᠡ ᠪᠠᠯᠠᠷᠠᠰᠢ ᠦᠭᠡᠢ︕ 
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号