ᠬᠤᠷᠴᠢᠨ ᠲᠣᠭᠤᠷᠢᠭ ᠤᠨ ᠬᠢᠨ 2025 ᠣᠨ ᠤ ᠠᠬᠠᠮᠠᠳ ᠺᠠᠳ᠋ᠷᠴᠤᠳ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 7 ᠤ ᠡᠳᠦᠷ᠂ ᠬᠤᠷᠴᠢᠨ ᠲᠣᠭᠤᠷᠢᠭ ᠤᠨ 2025 ᠣᠨ ᠤ ᠠᠬᠠᠮᠠᠳ ᠺᠠᠳ᠋ᠷᠴᠤᠳ ᠤᠨ ᠠᠵᠢᠯ ᠤᠨ ᠬᠤᠷᠠᠯ ᠬᠤᠷᠠᠯᠳᠤᠪᠠ᠃ ᠪᠦᠬᠦ ᠤᠯᠤᠰ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠢᠯᠡᠴᠢᠯᠡᠭᠡᠨ ᠤ ᠬᠠᠮᠢᠶᠠᠷᠤᠯᠲᠠ ᠶᠢᠨ ᠠᠬᠠᠮᠠᠳ ᠺᠠᠳ᠋ᠷᠴᠤᠳ ᠤᠨ ᠠᠵᠢᠯ ᠤᠨ ᠣᠨᠣᠪᠴᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠰᠢᠶᠤᠤ ᠶᠢᠩ ᠬᠤᠷᠠᠯ ᠳᠤ ᠣᠷᠣᠯᠴᠠᠪᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号