ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠤᠯᠠᠨ ᠢᠶᠠᠷ ᠢᠶᠠᠨ ᠢᠯᠵᠢᠷᠡᠬᠦ ᠶᠢ ᠲᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ | ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠠᠰᠠᠭ ᠤᠨ ᠣᠷᠳᠣᠨ ᠠᠳᠠᠯᠢ ᠰᠡᠳᠦᠪ ᠢᠶᠠᠷ | ᠬᠠᠮᠲᠤᠪᠠᠷ ᠬᠠᠷᠢᠭᠤᠯᠬᠤ᠂ ᠠᠳᠠᠯᠢ ᠴᠢᠭᠯᠡᠯ ᠢᠶᠠᠷ ᠬᠦᠴᠦᠯᠡᠬᠦ ᠰᠢᠨ᠎ᠡ ᠵᠠᠭᠪᠤᠷ ᠢ ᠰᠦᠪᠡᠭᠴᠢᠯᠡᠵᠦ᠂ | ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠴᠠᠭ ᠢᠮᠠᠭᠲᠠ ᠬᠢᠨᠠᠯᠲᠠ ᠶᠢ ᠬᠦᠯᠢᠶᠡᠨ᠎ᠡ᠃ ᠡᠭᠦᠨ ᠤ ᠬᠠᠮᠲᠤ | ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠬᠤᠶᠠᠷ ᠢ ᠲᠣᠬᠢᠶᠠᠯᠳᠤᠯ ᠢᠶᠠᠷ ︽1+N︾ ᠵᠠᠭᠪᠤᠷ ᠢ ᠪᠠᠶᠢᠭᠤᠯᠵᠤ᠂ ᠬᠠᠤᠯᠢ | ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠬᠤᠲᠠ ᠳᠤ | ᠨᠢᠭᠤᠷ ᠵᠣᠯᠭᠠᠬᠤ ᠥᠬᠡᠶ ᠬᠢᠨᠠᠨ ᠲᠣᠭᠲᠠᠭᠠᠬᠤ ᠵᠠᠭᠪᠤᠷ ᠢ ᠤᠷᠢᠳᠠᠪᠠᠷ ᠬᠡᠷᠡᠭᠵᠢᠭᠦᠯᠵᠦ᠂ ᠠᠯᠤᠰ ᠠᠴᠠ ᠣᠨᠳᠣᠤ | ᠭᠠᠵᠠᠷ ᠲᠤ ᠳᠠᠭᠠᠭᠠᠴᠢᠯᠠᠯᠲᠠ ᠦᠨᠡᠯᠡᠬᠦ᠂ ᠪᠠᠲᠤᠯᠠᠭ᠎ᠠ ᠶᠢᠨ ᠮᠥᠩᠭᠦ ᠶᠢ ︽ᠰᠧᠺᠦ᠋ᠨ᠋ᠳ᠋︾ ᠠᠴᠠ ᠪᠤᠴᠠᠭᠠᠬᠤ᠂ ᠨᠢᠭᠤᠷ | ᠵᠣᠯᠭᠠᠬᠤ ᠥᠬᠡᠶ ᠪᠠᠷ ᠳᠠᠭᠠᠭᠠᠴᠢᠯᠠᠯᠲᠠ ᠵᠠᠷᠯᠠᠬᠤ᠂ ᠠᠵᠢᠯ ᠤᠨ ᠪᠠᠶᠢᠷᠢ ᠶᠢᠨ ᠬᠡᠯᠪᠡᠷᠢ ᠶᠢᠨ ᠳᠠᠭᠠᠭᠠᠴᠢᠯᠠᠯᠲᠠ | ᠦᠨᠡᠯᠡᠬᠦ᠂ ᠳᠠᠯᠳᠠᠭᠤᠷ ᠳᠠᠭᠠᠭᠠᠴᠢᠯᠠᠯᠲᠠ ᠬᠢᠨᠠᠨ ᠲᠣᠭᠲᠠᠭᠠᠬᠤ ︽ᠵᠢᠷᠭᠤᠭᠠᠨ ᠵᠠᠭᠤᠨ ᠤ ᠵᠠᠭᠤ︾ ᠶᠢᠨ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ | |