ᠬᠤᠷᠴᠢᠨ ᠲᠣᠭᠤᠷᠢᠭ᠄ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠡᠮᠬᠢ ᠵᠢᠷᠤᠮ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/5/12
     ᠡᠳᠦᠷ ᠳᠤᠯᠠᠭᠠᠷᠠᠬᠤ ᠶᠢ ᠳᠠᠭᠠᠯᠳᠤᠨ᠂ ᠬᠤᠷᠴᠢᠨ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠣᠳᠣᠬᠠᠨ ᠳᠤ᠂ ᠬᠤᠷᠴᠢᠨ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠨᠢᠭᠡᠨᠲᠡ 60 ᠲᠦᠮᠡᠨ ᠮᠥ ᠰᠢᠬᠠᠮ ᠪᠣᠯᠵᠣ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠬᠤᠷᠴᠢᠨ ᠲᠣᠭᠤᠷᠢᠭ ᠤᠨ ᠬᠢᠨ ᠪᠠᠰᠠ ᠲᠠᠷᠢᠶᠠᠯᠠᠩ ᠤᠨ ᠲᠤᠰᠬᠠᠶ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ︽ᠨᠤᠲᠤᠭ ᠤᠨ ᠲᠤᠰᠬᠠᠶ ᠮᠡᠷᠭᠡᠵᠢᠯᠲᠡᠨ︾᠂ ︽ᠲᠠᠷᠢᠶᠠᠨ ᠭᠠᠵᠠᠷ ᠤᠨ ᠴᠢᠳᠠᠪᠤᠷᠢᠲᠠᠨ︾ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠦᠢᠯᠡᠳᠪᠦᠷᠢᠯᠡᠯ ᠤᠨ ᠮᠡᠷᠭᠡᠵᠢᠯ᠂ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠵᠢᠯᠣᠭᠤᠳᠣᠯᠭ᠎ᠠ ᠵᠡᠷᠭᠡ ︽ᠮᠡᠷᠭᠡᠵᠢᠯ ᠢ ᠬᠡᠷ ᠲᠤᠨᠢ ᠬᠦᠷᠭᠡᠬᠦ︾ ᠦᠢᠯᠡᠴᠢᠯᠡᠭᠡ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠳᠤ ᠲᠤᠰᠠᠯᠠᠬᠤ ᠬᠠᠯᠠᠭᠤᠨ ᠥᠷᠨᠢᠯᠲᠡ ᠭᠠᠷᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号