ᠡᠨᠡ ᠵᠢᠯ᠂ ᠬᠤᠷᠴᠢᠨ ᠲᠣᠭᠤᠷᠢᠭ ᠤᠨ ᠬᠢᠨ ᠦᠷᠭᠦᠯᠵᠢᠯᠡᠨ ᠬᠦᠴᠦᠯᠡᠵᠦ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠰᠦᠯᠵᠢᠶᠡᠨ ᠭᠠᠳᠠᠨ᠎ᠠ ᠰᠤᠷᠪᠤᠯᠵᠢᠯᠠᠬᠤ ᠪᠠ ᠰᠦᠯᠵᠢᠶᠡᠨ ᠳᠡᠭᠡᠷ᠎ᠡ ᠤᠬᠠᠭᠤᠯᠬᠤ | ᠬᠤᠶᠠᠷ ᠲᠠᠯ᠎ᠠ ᠶᠢ ᠵᠡᠷᠭᠡᠪᠡᠷ ᠠᠳᠬᠤᠬᠤ ᠵᠠᠭᠪᠤᠷ ᠢ ᠬᠡᠷᠡᠭᠯᠡᠵᠦ᠂ ︽ᠢᠲᠡᠭᠡᠮᠵᠢᠲᠦ ᠵᠢᠭᠡᠯᠡᠯᠭᠡ︾ ᠲᠠᠪᠴᠠᠩ ᠢ | ᠳᠡᠯᠭᠡᠷᠡᠭᠦᠯᠦᠨ ᠬᠡᠷᠡᠭᠯᠡᠬᠦ ᠶᠢ ᠶᠡᠬᠡᠪᠡᠷ ᠠᠬᠢᠭᠤᠯᠪᠠ᠃ ᠬᠤᠷᠴᠢᠨ ᠲᠣᠭᠤᠷᠢᠭ ᠤᠨ ᠬᠢᠨ ᠪᠠᠩᠬᠢ ᠶᠢᠨ | ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ | ᠵᠣᠷᠢᠭᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠷᠢᠴᠠᠭᠠᠯᠠᠨ ᠪᠠᠲᠤᠯᠠᠬᠤ ᠲᠠᠯ᠎ᠠ ᠪᠠᠷ ᠬᠢ ᠳᠠᠷᠤᠭᠠᠰᠤ ᠶᠢ | ᠬᠥᠩᠭᠡᠷᠡᠭᠦᠯᠦᠨ᠎ᠡ᠃ 5 ᠰᠠᠷ᠎ᠠ ᠶᠢᠨ 8 ᠤ ᠡᠳᠦᠷ ᠪᠣᠯᠲᠠᠯ᠎ᠠ᠂ ︽ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠳᠤ | ᠨᠡᠶᠢᠲᠡ 13314 ᠡᠷᠦᠬᠡ ᠬᠤᠷᠴᠢᠨ ᠲᠣᠭᠤᠷᠢᠭ ᠤᠨ ᠠᠵᠤ ᠠᠬᠤᠶᠢᠯᠠᠯ ᠢ ᠳᠠᠩᠰᠠᠯᠠᠭᠤᠯᠵᠤ᠂ 77 ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠤ ᠣᠷᠣᠵᠤ ᠰᠠᠭᠤᠨ᠂ 134 ᠮᠥᠩᠭᠦᠨ ᠭᠦᠢᠯᠭᠡᠭᠡᠨ ᠤ ᠦᠢᠯᠡᠳᠬᠦᠨ ᠢ ᠭᠠᠷᠭᠠᠵᠤ᠂ | 1391 ᠬᠤᠪᠢ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠭᠠᠷᠭᠠᠵᠤ᠂ ᠨᠢᠭᠡᠨᠲᠡ 14. 71 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ | |