ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ ᠵᠠᠬ᠎ᠠ | ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠰᠤᠷᠠᠯᠲᠠ | ᠦᠭᠡᠢ ᠴᠢᠩᠭᠠᠷᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ︽ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ︾ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠨᠢᠭᠡᠳᠦᠭᠡᠷ | ᠤᠯᠠᠷᠢᠯ ᠳᠤ᠂ ᠬᠤᠷᠴᠢᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 77.21 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2 % ᠢᠶᠠᠷ ᠨᠡᠮᠡᠭᠳᠡᠪᠡ᠃ | ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.02 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 21.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠢᠶᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 51.32 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ | ᠪᠦᠲᠦᠴᠡ ᠨᠢ 5.2᠄ 28.3᠄ 66.5 ᠪᠣᠯᠤᠨ᠎ᠠ᠃ | |