ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ︽ᠪᠠᠭ᠎ᠠ ᠬᠡᠪᠴᠢᠶᠡᠨ ᠤ᠂ ᠲᠣᠮᠣ ᠬᠠᠮᠲᠤᠯᠢᠭ︾ ᠤᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠠᠯᠠᠰᠢᠨ | ᠦᠬᠡᠷ ᠲᠡᠵᠢᠭᠡᠨ ᠦᠷᠡᠵᠢᠭᠦᠯᠬᠦ ᠲᠣᠮᠣ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠣᠨ ᠲᠤᠰᠬᠠᠢ | ᠬᠤᠷᠰᠢᠶ᠎ᠠ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠢ ᠬᠦᠴᠦᠯᠡᠨ ᠬᠥᠲᠥᠯᠥᠨ | ᠵᠢᠯᠤᠭᠤᠳᠴᠤ ᠪᠠᠶᠢᠭᠠᠳ ᠵᠣᠬᠢᠬᠤ ᠬᠡᠪᠴᠢᠶᠡᠲᠦ ᠡᠵᠡᠩᠨᠡᠯᠲᠡ ᠬᠢᠯᠭᠡᠵᠦ᠂ ᠪᠠᠷᠢᠮᠵᠢᠶ᠎ᠠ ᠶᠢ ᠨᠢᠭᠡᠳᠦᠯᠲᠡᠢ | ᠵᠢᠷᠤᠮᠵᠢᠭᠤᠯᠤᠨ᠂ ᠮᠡᠷᠭᠡᠵᠢᠯ ᠤᠨ ᠦᠢᠯᠡᠴᠢᠯᠡᠭᠡ ᠶᠢ ᠬᠠᠮᠲᠤᠪᠠᠷ ᠡᠳ᠋ᠯᠡᠵᠦ᠂ ᠥᠪᠡᠷ ᠤᠨ ᠥᠷᠲᠡᠭ ᠢ ᠶᠡᠷᠦᠩᠬᠡᠶᠢᠯᠡᠨ | ᠪᠠᠭᠤᠷᠠᠭᠤᠯᠵᠤ᠂ ᠨᠡᠩ ᠣᠯᠠᠨ ᠮᠠᠯᠴᠢᠨ ᠲᠠᠷᠢᠶᠠᠴᠢᠨ ᠳᠤ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠠᠴᠠ ᠠᠰᠢᠭ ᠬᠦᠷᠲᠡᠭᠡᠪᠡ᠃ ᠡᠭᠦᠨ ᠤ ᠬᠠᠮᠲᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠮᠡᠷᠭᠡᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠠᠮᠢᠶᠠᠷᠤᠯᠲᠠ ᠶᠢᠨ ᠰᠠᠶᠢᠨ ᠡᠭᠦᠯᠳᠡᠷ ᠤᠨ ᠢᠴᠡᠭᠡᠯ | ᠦᠷ᠎ᠡ ᠶᠢᠨ ᠬᠡᠭᠡᠯᠲᠦᠭᠦᠯᠭᠡ ᠬᠢᠬᠦ᠂ ᠠᠪᠬᠤ᠂ ᠬᠡᠷᠡᠭᠯᠡᠬᠦ ᠶᠢ ᠵᠢᠷᠤᠮᠵᠢᠭᠤᠯᠤᠨ᠂ ᠦᠷ᠎ᠡ ᠶᠢᠨ ᠰᠦᠷᠦᠭ ᠤᠨ ᠲᠤᠭ᠎ᠠ | ᠬᠡᠮᠵᠢᠶ᠎ᠡ ᠶᠢ ᠥᠷᠭᠡᠳᠬᠡᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | |