ᠬᠤᠷᠴᠢᠨ ᠲᠣᠭᠤᠷᠢᠭ᠄ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2025/5/19
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠲᠤᠯᠭᠠᠭᠤᠷᠢ ᠠᠵᠤ ᠦᠢᠯᠡᠰ ᠤᠨ ᠲᠡᠰ ᠳᠡᠪᠰᠢᠬᠦ ᠦᠷᠳᠡᠭ ᠤᠨ ᠬᠡᠯᠬᠢᠶ᠎ᠡ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ᠃ ᠨᠢᠭᠡᠳᠦᠭᠡᠷ ᠤᠯᠠᠷᠢᠯ ᠳᠤ᠂ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 57.6 ᠳ᠋ᠦᠩᠰᠢᠭᠤᠷ ᠲᠥᠭᠦᠷᠢᠭ ᠲᠤ ᠬᠦᠷᠴᠦ᠂ ᠠᠰᠢᠭ ᠬᠤᠨᠵᠢᠪᠣᠷᠢ ᠶᠢᠨ ᠶᠡᠷᠦᠩᠬᠡᠢ ᠬᠡᠮᠵᠢᠶ᠎ᠡ 5.65 ᠳ᠋ᠦᠩᠰᠢᠭᠤᠷ ᠲᠥᠭᠦᠷᠢᠭ ᠲᠤ ᠬᠦᠷᠴᠡᠢ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号