ᠬᠤᠷᠴᠢᠨ ᠲᠣᠭᠤᠷᠢᠭ᠄ ᠲᠠᠷᠢᠶᠠᠯᠠᠩ ᠦᠢᠯᠡᠳᠪᠦᠷᠢᠯᠡᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2025/5/20
    ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠢ ᠪᠠᠲᠤᠯᠠᠬᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠴᠠᠬᠢᠯᠭᠠᠨ ᠬᠠᠩᠭᠠᠬᠤ ᠬᠠᠷᠢᠶ᠎ᠠ ᠣᠷᠣᠨ ᠳᠠᠬᠢ ᠲᠠᠷᠢᠶᠠᠯᠠᠩ ᠤᠨ ᠤᠰᠤᠯᠠᠯᠲᠠ ᠶᠢᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠴᠠᠬᠢᠯᠭᠠᠨ ᠲᠣᠣᠷ ᠤᠨ ᠳᠠᠭᠠᠭᠠᠴᠠ ᠶᠢ ᠬᠢᠨᠠᠨ ᠬᠡᠮᠵᠢᠬᠦ ᠵᠢᠴᠢ ᠲᠥᠬᠦᠭᠡᠷᠦᠮᠵᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠶᠢᠨ ᠬᠠᠮᠲᠤ ᠴᠠᠭ ᠠᠭᠤᠷ᠂ ᠲᠠᠷᠢᠶᠠᠯᠠᠩ ᠤᠨ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠴᠠᠬᠢᠯᠭᠠᠨ ᠲᠣᠣᠷ ᠤᠨ ᠠᠵᠢᠯᠯᠠᠭᠠᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠎ᠡ᠃ ᠡᠭᠦᠨ ᠤ ᠬᠠᠮᠲᠤ᠂ ᠴᠠᠬᠢᠯᠭᠠᠨ ᠡᠷᠭᠢᠯᠡᠬᠦ ᠶᠠᠪᠤᠴᠠ ᠶᠢ ᠳᠥᠭᠦᠮᠴᠢᠯᠡᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠠᠭᠤᠰᠤᠯᠴᠠᠭᠤᠯᠤᠨ ᠦᠢᠯᠡᠴᠢᠯᠡᠬᠦ ᠶᠢ ᠬᠡᠷᠡᠭᠵᠢᠭᠦᠯᠦᠨ᠂ ᠲᠠᠷᠢᠶᠠᠴᠢᠨ ᠡᠷᠦᠬᠡ ᠶᠢᠨ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠥᠨᠳᠥᠷ ᠪᠦᠲᠦᠮᠵᠢᠲᠡᠶ ᠪᠥᠭᠡᠳ ᠨᠠᠶᠢᠳᠠᠪᠤᠷᠢᠲᠠᠶ ᠴᠠᠬᠢᠯᠭᠠᠨ ᠬᠦᠴᠦᠨ ᠤ ᠦᠢᠯᠡᠴᠢᠯᠡᠭᠡ ᠪᠠᠷ ᠲᠠᠷᠢᠶᠠᠯᠠᠩ ᠤᠨ ᠦᠢᠯᠡᠳᠪᠦᠷᠢᠯᠡᠯ ᠢ ᠬᠠᠮᠠᠭᠠᠯᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号