ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠦᠢᠯᠡᠴᠢᠯᠡᠭᠡ ᠪᠠᠨ ᠴᠢᠩᠭᠠᠳᠬᠠᠵᠤ᠂ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠭ ᠲᠤᠬᠠᠢ ᠳᠤᠨᠢ ᠳᠠᠭᠠᠵᠤ᠂ ᠨᠢᠭᠡ | ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠭᠦᠢᠴᠡᠳ ᠬᠥᠭᠵᠢᠭᠡᠵᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠳᠠᠬᠢᠨ ᠰᠢᠯᠢᠳᠡᠭᠵᠢᠭᠦᠯᠵᠦ᠂ ᠳᠠᠬᠢᠨ ᠳᠡᠭᠡᠭᠰᠢᠯᠡᠭᠦᠯᠬᠦ ᠶᠢ ᠠᠬᠢᠭᠤᠯᠪᠠ᠃ ᠡᠭᠦᠨ ᠤ | ᠬᠠᠮᠲᠤ᠂ ᠬᠦᠴᠦᠨ ᠢᠶᠠᠨ ᠲᠥᠪᠯᠡᠷᠡᠭᠦᠯᠦᠨ ᠨᠡᠩ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ᠂ ᠲᠥᠪ ᠭᠤᠣᠯᠴᠢ ᠡᠮᠬᠢ ᠵᠢᠷᠤᠮ ᠲᠠᠢ ᠲᠦᠷᠦ ᠶᠢᠨ | ᠪᠤᠳᠤᠯᠭ᠎ᠠ ᠶᠢᠨ ᠬᠠᠩᠭᠠᠯᠭ᠎ᠠ ᠶᠢᠨ ᠣᠷᠴᠢᠨ ᠲᠣᠭᠤᠷᠢᠨ᠂ ᠲᠥᠪ ᠭᠤᠣᠯᠴᠢ ᠢᠯᠡ ᠲᠣᠳᠣ ᠬᠠᠤᠯᠢᠵᠢᠯ ᠤᠨ | ᠪᠠᠲᠤᠯᠠᠭ᠎ᠠ ᠶᠢᠨ ᠣᠷᠴᠢᠨ ᠲᠣᠭᠤᠷᠢᠨ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ | ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠦᠨᠡᠨᠬᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | |