ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠤ︶ ᠤᠨ ᠳᠡᠭᠡᠳᠦ ᠲᠠᠰ ᠤᠨ ᠬᠦᠨᠳᠦ ᠬᠡᠯᠪᠡᠷᠢ ᠶᠢᠨ ᠰᠠᠭᠤᠷᠢ ᠲᠣᠨᠤᠭ ᠲᠥᠬᠦᠭᠡᠷᠦᠮᠵᠢ  ᠤᠢᠯᠡᠳᠬᠦ ᠠᠵᠤ ᠤᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠦᠷᠭᠡᠳᠪᠡ
ᠨᠡᠶᠢᠲᠡᠯᠡᠭᠰᠡᠨ ᠴᠠᠭ᠄
2025/5/26
    ᠡᠨᠡ ᠵᠢᠯ᠂ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠤ︶ ᠤᠨ ᠳᠡᠭᠡᠳᠦ ᠲᠠᠰ ᠤᠨ ᠬᠦᠨᠳᠦ ᠬᠡᠯᠪᠡᠷᠢ ᠶᠢᠨ ᠰᠠᠭᠤᠷᠢ ᠲᠣᠨᠤᠭ ᠲᠥᠬᠦᠭᠡᠷᠦᠮᠵᠢ ᠤᠢᠯᠡᠳᠬᠦ ᠠᠵᠤ ᠤᠢᠯᠡᠰ ᠤᠨ ᠰᠠᠭᠤᠷᠢᠨ ᠭᠠᠵᠠᠷ ᠨᠢ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠡᠯᠬᠢᠶ᠎ᠡ ᠪᠠᠷ ᠭᠤᠤᠯᠯᠠᠨ ᠳᠠᠶᠢᠴᠢᠯᠠᠬᠤ᠂ ᠪᠦᠯᠦᠭᠯᠡᠨ ᠬᠥᠭᠵᠢᠭᠦᠯᠬᠦ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ 50 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠨᠴᠠᠭᠠᠶ ᠪᠣᠯᠣᠳ᠂ ᠴᠢᠳᠬᠤᠮᠠᠯ ᠲᠣᠨᠤᠭ ᠵᠡᠷᠭᠡ 13 ᠲᠥᠷᠥᠯ ᠵᠤᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠰᠠᠭᠤᠷᠢᠨ ᠭᠠᠵᠠᠷ ᠤᠨ ᠳᠣᠲᠣᠭᠠᠳᠤ ᠳᠤ ᠴᠢᠳᠬᠤᠵᠤ ᠪᠣᠯᠪᠠᠰᠤᠷᠠᠭᠤᠯᠬᠤ ᠲᠣᠨᠤᠭ ᠠᠴᠠ ᠭᠠᠳᠠᠨᠠᠬᠢ ᠪᠣᠶ ᠪᠥᠬᠦᠶ ᠬᠤᠪᠢᠶᠠᠷᠢ ᠲᠥᠷᠥᠯ ᠵᠤᠢᠯ ᠢ ᠴᠥᠮ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠴᠢᠷᠮᠠᠶᠢᠨ ᠪᠡᠶᠡᠯᠡᠭᠦᠯᠪᠡ᠃ 2026 ᠣᠨ ᠳᠤ ᠲᠥᠷᠥᠯ ᠵᠦᠢᠯ ᠢ ᠪᠦᠬᠦᠨ ᠢ ᠦᠢᠯᠡᠳᠪᠦᠷᠢᠯᠡᠭᠰᠡᠨ ᠤ ᠳᠠᠷᠠᠭ᠎ᠠ᠂ 85% ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢ ᠲᠣᠨᠤᠭ ᠲᠥᠬᠦᠭᠡᠷᠦᠮᠵᠢ ᠶᠢᠨ ᠰᠠᠭᠤᠷᠢᠨ ᠭᠠᠵᠠᠷ ᠲᠤ ᠰᠢᠭᠤᠳ ᠬᠠᠩᠭᠠᠬᠤ ᠶᠢ ᠪᠡᠶᠡᠯᠡᠭᠦᠯᠵᠦ᠂ ᠵᠢᠯ ᠤᠨ ᠦᠢᠯᠡᠳᠬᠦᠨ ᠤ ᠥᠷᠲᠡᠭ ᠨᠢ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠲᠠᠲᠠᠪᠤᠷᠢ ᠨᠢ 20 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号