ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ︽ᠪᠠᠶᠢᠴᠠᠭᠠᠨ ᠰᠤᠳᠤᠯᠤᠯᠲᠠ ᠬᠢᠬᠦ + | ᠤᠬᠠᠭᠤᠯᠬᠤ + ᠦᠢᠯᠡᠴᠢᠯᠡᠭᠡ︾ ᠶᠢᠨ ᠵᠠᠭᠪᠤᠷ ᠲᠤ ᠰᠠᠭᠤᠷᠢᠯᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ | ᠬᠢᠷᠢ ᠬᠡᠮ ᠢ ᠭᠡᠷᠡᠴᠢᠯᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠣᠤᠷ ᠢ ᠦᠨᠡᠨ ᠬᠦ ᠪᠠᠬᠢᠵᠢᠭᠦᠯᠪᠡ᠃ ᠬᠤᠷᠴᠢᠨ ᠲᠣᠭᠤᠷᠢᠭ ᠤᠨ ᠬᠢᠨ ᠶᠠᠷᠢᠯᠴᠠᠬᠤ ᠬᠤᠷᠠᠯ ᠬᠢᠬᠦ᠂ | ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠰᠠᠨᠠᠯ ᠰᠠᠨᠠᠭᠤᠯᠭ᠎ᠠ ᠶᠢ ᠥᠷᠭᠡᠨ ᠢᠶᠠᠷ | ᠴᠤᠭᠯᠠᠭᠤᠯᠪᠠ︔ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢᠨ ᠬᠢᠷᠢ ᠬᠡᠮ ᠢ ᠭᠡᠷᠡᠴᠢᠯᠡᠬᠦ ᠲᠥᠷᠥ ᠶᠢᠨ | ᠪᠣᠳᠣᠯᠭ᠎ᠠ ᠶᠢᠨ ᠬᠤᠪᠢᠷᠠᠯᠲᠠ ᠳᠤ ᠴᠢᠭᠯᠡᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠥᠪᠯᠡᠷᠡᠭᠦᠯᠦᠨ | ᠤᠬᠠᠭᠤᠯᠬᠤ ᠶᠢ ᠥᠷᠨᠢᠭᠦᠯᠵᠦ᠂ ᠣᠯᠠᠨ ᠲᠦᠮᠡᠨ ᠤ ᠴᠠᠭ ᠲᠤᠬᠠᠶ ᠳᠤᠨᠢ ᠮᠡᠳᠡᠬᠦ ᠶᠢ ᠦᠨᠡᠨ ᠬᠦ ᠪᠠᠲᠤᠯᠠᠪᠠ︔ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ ᠳᠤ ᠣᠴᠢᠭᠤᠯᠵᠤ ︽ᠨᠢᠭᠡ ᠨᠢᠭᠡ ᠶᠢ ᠬᠠᠷᠭᠠᠭᠤᠯᠬᠤ︾ ᠵᠢᠯᠣᠭᠤᠳᠣᠯᠭ᠎ᠠ | ᠥᠷᠨᠢᠭᠦᠯᠵᠦ᠂ ︽ᠨᠢᠭᠡ ᠥᠷᠲᠡᠭᠡᠨ ᠤ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢ | ᠭᠡᠷᠡᠴᠢᠯᠡᠬᠦ ᠦᠢᠯᠡᠴᠢᠯᠡᠭᠡ ᠬᠠᠩᠭᠠᠪᠠ᠃ | |