ᠬᠤᠷᠴᠢᠨ ᠲᠣᠭᠤᠷᠢᠭ᠄ ︽ᠴᠠᠬᠢᠯᠭᠠᠨ ᠬᠠᠮᠢᠶᠠᠷᠤᠭᠴᠢ︾ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/5/27
    ᠬᠠᠪᠤᠷ ᠤᠨ ᠲᠠᠷᠢᠶᠠᠯᠠᠭ᠎ᠠ ᠶᠢᠨ ᠤᠰᠤᠯᠠᠯᠲᠠ ᠶᠢᠨ ᠬᠤᠭᠤᠴᠠᠭᠠᠨ ᠳᠤ᠂ ᠤᠯᠤᠰ ᠤᠨ ᠴᠠᠬᠢᠯᠭᠠᠨ ᠲᠣᠤᠷ ᠤᠨ ᠬᠤᠷᠴᠢᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠮᠠᠯ ᠤᠨ ᠲᠣᠮᠣ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠰᠤᠯᠠᠯᠲᠠ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠥᠰᠦᠯ ᠢ ᠲᠣᠭᠲᠠᠭᠠᠵᠤ᠂ ᠬᠠᠷᠢᠶᠠᠲᠤ ᠣᠷᠣᠨ ᠤ ᠬᠠᠪᠤᠷ ᠤᠨ ᠲᠠᠷᠢᠶᠠᠯᠠᠭ᠎ᠠ ᠳᠤ ᠬᠤᠯᠪᠣᠭᠳᠠᠭᠰᠠᠨ 10 ᠺᠢᠯᠣᠸᠠᠲ ᠤᠨ ᠴᠠᠬᠢᠯᠭᠠᠨ ᠬᠡᠯᠬᠢᠶ᠎ᠡ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ ᠳᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠵᠦ᠂ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠬᠠᠮᠤᠭ ᠤᠨ ᠰᠠᠶᠢᠨ ᠠᠵᠢᠯᠯᠠᠭᠠᠨ ᠤ ᠪᠠᠶᠢᠳᠠᠯ ᠳᠤ ᠪᠠᠶᠢᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠸᠢᠴᠠᠲ ᠤᠨ ᠴᠤᠭᠯᠠᠷᠠᠯ᠂ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠭ ᠠᠭᠤᠷ ᠤᠨ ᠰᠡᠷᠡᠮᠵᠢᠯᠡᠭᠦᠯᠦᠯ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠰᠠᠨᠠᠭᠤᠯᠤᠮᠵᠢ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ 24 ᠴᠠᠭ ᠤᠨ ᠵᠠᠷᠯᠢᠭ ᠶᠣᠰᠣᠭᠠᠷ ᠴᠠᠬᠢᠯᠭᠠᠨ ᠬᠡᠷᠡᠭᠯᠡᠭᠰᠡᠨ ᠰᠠᠭᠠᠳ ᠢ ᠰᠢᠢᠳᠪᠦᠷᠢᠯᠡᠨ᠂ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠴᠠᠬᠢᠯᠭᠠᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号