ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ᠂ | ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠢᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠰᠬᠤᠨ ᠤ ᠠᠷᠠᠳ ᠤᠨ ᠸᠢᠴᠠᠲ ᠤᠨ ᠬᠤᠯᠪᠤᠭ᠎ᠠ ᠪᠠᠷ | ᠳᠠᠮᠵᠢᠭᠤᠯᠤᠨ ᠣᠶ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠬᠠᠮᠢᠶ᠎ᠠ ᠪᠦᠬᠦᠢ ᠠᠭᠤᠯᠭ᠎ᠠ ᠶᠢ ᠤᠬᠠᠭᠤᠯᠬᠤ ᠶᠢᠨ | ᠬᠠᠮᠲᠤ ᠬᠠᠷᠢᠶ᠎ᠠ ᠣᠷᠣᠨ ᠤ ᠭᠤᠣᠯ ᠪᠣᠯᠬᠤ ᠵᠠᠮ ᠤᠨ ᠬᠡᠰᠡᠭ᠂ ᠬᠥᠮᠥᠨ ᠠᠮᠠ ᠶᠢᠨ ᠬᠤᠷᠠᠨ ᠴᠤᠭᠯᠠᠷᠠᠭᠰᠠᠨ ᠭᠠᠵᠠᠷ᠂ | ᠡᠯ᠎ᠡ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ ᠳᠤ 875 ᠵᠤᠷᠪᠤᠰ ᠡᠯᠭᠦᠭᠡ ᠪᠢᠴᠢᠭᠡᠰᠦ ᠡᠯᠭᠦᠵᠦ᠂ ᠣᠢ | ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠬᠤᠣᠷ ᠬᠥᠨᠥᠭᠡᠯ ᠢ ᠠᠶᠢᠯ ᠪᠦᠬᠦᠨ ᠳᠤ ᠮᠡᠳᠡᠭᠦᠯᠵᠤ᠂ ᠮᠠᠯᠴᠢᠨ | ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠣᠶ ᠰᠢᠭᠤᠢ ᠡᠪᠡᠰᠦ ᠪᠡᠯᠴᠢᠭᠡᠷ ᠢ | ᠡᠪᠳᠡᠭᠰᠡᠨ ᠤᠢᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠨ᠎ᠠ ᠃ ᠡᠭᠦᠨ ᠤ ᠬᠠᠮᠲᠤ᠂ ᠣᠶ ᠰᠢᠭᠤᠢ | ᠨᠤᠲᠤᠭ ᠪᠡᠯᠴᠢᠭᠡᠷ ᠢ ᠡᠪᠳᠡᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠴᠦᠨ ᠢ ᠴᠢᠩᠭᠠᠷᠠᠭᠤᠯᠤᠨ᠂ ᠣᠶ ᠰᠢᠭᠤᠢ ᠡᠪᠡᠰᠦ ᠪᠡᠯᠴᠢᠭᠡᠷ ᠢ | ᠰᠦᠢᠳᠭᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠨᠢᠭᠡ ᠶᠢ ᠢᠯᠡᠷᠡᠭᠦᠯᠪᠡᠯ ᠨᠢᠭᠡ ᠶᠢ | ᠪᠠᠶᠢᠴᠠᠭᠠᠨ ᠰᠢᠢᠳᠪᠦᠷᠢᠯᠡᠬᠦ︾ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ | |