ᠬᠤᠷᠴᠢᠨ ᠲᠣᠭᠤᠷᠢᠭ᠄ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2025/5/7
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠂ ᠶᠠᠷᠢᠯᠴᠠᠬᠤ ᠬᠤᠷᠠᠯ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠷᠭ᠎ᠠ ᠬᠡᠯᠪᠡᠷᠢ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠬᠠᠪᠰᠤᠷᠤᠨ ᠪᠠᠶᠢᠭᠤᠯᠵᠤ᠂ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠵᠥᠷᠢᠴᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠡᠶᠡᠳᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠤ ᠠᠬᠤᠶᠢᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号