ᠬᠤᠷᠴᠢᠨ ᠲᠣᠭᠤᠷᠢᠭ᠄ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠯᠠᠪᠳᠠᠭᠤᠨ ᠪᠠᠲᠤᠲᠠᠢ  ᠠᠬᠢᠭᠣᠯᠣᠨ᠎ᠠ
ᠨᠡᠶᠢᠲᠡᠯᠡᠭᠰᠡᠨ ᠴᠠᠭ᠄
2025/5/8
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠰᠣᠶᠣᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠦᠨ᠂ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠲᠦᠷᠭᠡᠨ ᠬᠦᠷᠭᠡᠬᠦ‍ ᠴᠢᠭ ᠵᠡᠷᠭᠡ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠪᠤᠰᠤ ᠬᠡᠪᠯᠡᠭᠳᠡᠬᠦᠨ ᠢ ᠪᠣᠷᠣᠯᠠᠭᠤᠯᠬᠤ ᠪᠠ ᠤᠯᠠᠮᠵᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠣᠶᠣᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ   ᠪᠠᠳᠤᠯᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号