ᠬᠤᠷᠴᠢᠨ ᠲᠣᠭᠤᠷᠢᠭ᠄ ᠠᠵᠤ ᠦᠢᠯᠡᠰ ᠤᠨ ᠬᠥᠭᠵᠢᠯᠲᠡ ᠪᠠᠷ ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢ ᠲᠠᠢᠴᠢᠯᠠᠨ᠎ᠠ
ᠨᠡᠶᠢᠲᠡᠯᠡᠭᠰᠡᠨ ᠴᠠᠭ᠄
2025/6/3
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠦᠷ᠎ᠡ ᠴᠢᠬᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠠᠮᠢ ᠠᠬᠤᠢ ᠶᠢᠨ ᠲᠠᠷᠢᠶᠠᠯᠠᠩ ᠤᠨ ᠵᠢᠮᠢᠰ ᠲᠡᠭᠦᠬᠦ ᠬᠦᠷᠢᠶᠡᠯᠡᠩ᠂ ᠲᠦᠮᠡᠨ ᠮᠦ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠡᠰᠡᠭ ᠲᠣᠭᠤᠷᠢᠭ ᠵᠡᠷᠭᠡ ᠶᠢ ᠪᠤᠶᠢᠵᠢᠭᠤᠯᠤᠨ ᠪᠠᠶᠢᠭᠤᠯᠬᠤ ᠪᠠᠷ ᠳᠠᠮᠵᠢᠭᠤᠯᠤᠨ᠂ ᠲᠣᠰ ᠭᠠᠵᠠᠷ ᠤᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠢ ᠪᠦᠲᠦᠮᠵᠢᠲᠡᠢ ᠬᠥᠭᠵᠢᠭᠡᠵᠦ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠳᠠᠶᠢᠴᠢᠯᠠᠨ ᠣᠶᠢᠷ᠎ᠠ ᠬᠠᠪᠢ ᠳᠠᠭᠠᠨ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠰᠢᠯᠵᠢᠭᠦᠯᠦᠨ ᠠᠵᠢᠯ ᠣᠯᠭᠤᠭᠰᠠᠨ ᠬᠥᠮᠦᠨ ᠤ ᠲᠤᠭ᠎ᠠ 81476 ᠪᠣᠯᠪᠠ᠃  
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号