ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠦᠨᠳᠦᠰᠦᠨ ᠱᠠᠲᠤᠨ ᠤ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠲᠠᠯ᠎ᠠ ᠶᠢᠨ᠂ | ᠣᠯᠠᠨ ᠲᠠᠰ ᠳᠠᠪᠬᠤᠷᠭ᠎ᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ | ᠨᠠᠷᠢᠨ ᠨᠢᠮᠪᠠᠶ ᠪᠠᠶᠢᠭᠤᠯᠵᠤ᠂ ᠣᠯᠠᠨ ᠲᠦᠮᠡᠨ ᠳᠤ ᠬᠡᠷ ᠤᠨ ᠡᠭᠦᠳᠡᠨ ᠳᠤᠨᠢ ᠴᠢᠨᠠᠷ ᠰᠠᠶᠢᠲᠠᠶ᠂ ᠳᠥᠭᠦᠮ ᠳᠥᠲᠡ | ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃ ᠣᠲᠣ ᠪᠣᠯᠲᠠᠯ᠎ᠠ᠂ ᠬᠤᠷᠴᠢᠨ ᠲᠣᠭᠤᠷᠢᠭ ᠲᠤ 543 ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠥᠳᠡᠭᠡ ᠲᠣᠰᠬᠤᠨ ᠤ ᠡᠮᠴᠢ 570 ᠭᠠᠷᠤᠶ ᠪᠠᠶᠢᠵᠤ᠂ 18 | ᠪᠠᠯᠭᠠᠰᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠨᠡᠶᠢᠲᠡ 900 ᠭᠠᠷᠤᠶ ᠲᠤᠰᠬᠠᠶ ᠮᠡᠷᠭᠡᠵᠢᠯ ᠤᠨ | ᠠᠵᠢᠯᠲᠠᠨ ᠪᠣᠶ᠃ | |